1 ᠰᠠᠷ᠎ᠠ ᠶᠢᠨ 6 ᠤ ᠡᠳᠦᠷ᠂ ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃ | 2022 ᠣᠨ ᠳᠤ᠂ ᠤᠳᠠ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠨ | ᠲᠡᠮᠡᠴᠡᠵᠦ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ | ᠪᠦᠬᠦ ᠬᠦᠴᠦᠨ ᠢᠶᠠᠷ ᠢᠶᠠᠨ ᠨᠡᠮᠡᠭᠳᠡᠯ ᠢᠶᠠᠨ ᠲᠣᠭᠲᠠᠪᠤᠷᠢᠵᠢᠭᠤᠯᠵᠤ᠂ ᠪᠦᠲᠦᠴᠡ ᠪᠠᠨ ᠲᠤᠬᠢᠷᠠᠭᠤᠯᠵᠤ᠂ ᠪᠡᠯᠡ | ᠣᠷᠣᠭᠤᠯᠤᠯᠲᠠ ᠪᠠᠨ ᠥᠷᠭᠡᠳᠬᠡᠵᠦ᠂ ᠬᠡᠷᠡᠭᠯᠡᠭᠡ ᠶᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠴᠢᠨᠠᠷ | ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠵᠢᠱᠢᠯᠲᠡ ᠪᠠᠷ ᠪᠥᠬᠦ ᠵᠢᠯ ᠤᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 2% ᠣᠷᠴᠢᠮ ᠨᠡᠮᠡᠭᠳᠡᠪᠡ᠃ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 71 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 15. | 49 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 23.22% ᠪᠠᠷ ᠨᠡᠮᠡᠭᠳᠡᠪᠡ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ | ᠬᠤᠭᠤᠴᠠᠭᠠᠨ ᠤ ᠬᠢ ᠠᠴᠠ 1% ᠪᠠᠷ ᠨᠡᠮᠡᠭᠳᠡᠪᠡ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6 % ᠪᠠᠷ ᠨᠡᠮᠡᠭᠳᠡᠭᠦᠯᠪᠡ᠃ | 2023 ᠣᠨ ᠳᠤ᠂ ᠤᠳᠠ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ︽ᠨᠢᠭᠡ ᠶᠢ ᠵᠢᠷᠣᠮᠯᠡᠯ ᠢ ᠪᠠᠷᠢᠮᠲᠠᠯᠠᠵᠤ᠂ | ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ | ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢᠶᠠᠨ ᠶᠡᠬᠡᠪᠡᠷ | ᠳᠡᠭᠡᠭᠰᠢᠯᠡᠭᠦᠯᠵᠦ᠂ ᠲᠣᠭᠲᠠᠭᠤᠨ ᠢᠶᠠᠷ ᠨᠡᠮᠡᠭᠳᠡᠭᠦᠯᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ ᠠᠵᠢᠯ ᠢᠶᠠᠨ ᠰᠠᠶᠢᠲᠤᠷ ᠬᠢᠵᠦ᠂ ᠲᠣᠭᠲᠠᠭᠤᠨ ᠤ ᠳᠤᠮᠳᠠ ᠤᠷᠤᠭᠰᠢᠯᠠᠭᠰᠠᠨ | ᠰᠠᠭᠤᠷᠢᠨ ᠳᠡᠭᠡᠷ᠎ᠡ ᠴᠢᠨᠠᠷ ᠰᠠᠶᠢᠲᠠᠢ ᠳᠡᠭᠡᠭᠰᠢᠯᠡᠯᠲᠡ ᠪᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ | ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠ | ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ | ᠠᠬᠤᠢ ᠶᠢ ᠤᠷᠢᠳᠡᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠬᠦᠴᠦᠯᠡᠨ ᠰᠠᠶᠢᠲᠤᠷ ᠵᠠᠮᠨᠠᠵᠤ᠂ ᠣᠳᠣᠬᠢᠴᠢᠯᠠᠭᠰᠠᠨ ᠤᠳᠠ ᠶᠢᠨ | ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | 1 ᠰᠠᠷ᠎ᠠ ᠶᠢᠨ 5 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠬᠤᠷᠢᠶᠠᠨ ᠤ ᠬᠤᠶᠠᠳᠤᠭᠠᠷ ᠣᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ | ᠠᠮᠵᠢᠯᠲᠠ ᠲᠠᠢ ᠳᠠᠭᠤᠰᠬᠠᠭᠠᠳ ᠲᠡᠭᠦᠰᠪᠡ᠃ | 2022 ᠣᠨ ᠳᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠷᠢᠨ | ᠨᠢᠮᠪᠠᠢ ᠵᠢᠯᠤᠭᠤᠲᠤᠯᠭ᠎ᠠ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ | ᠤᠳᠠ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠥᠷᠭᠡᠨ ᠤᠯᠠᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠢ ᠬᠦᠳᠦᠯᠦᠨ ᠳᠠᠭᠠᠭᠤᠯᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠳᠡ | ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ | ᠤᠳᠠ ᠲᠣᠭᠤᠷᠢᠭ ᠤᠨ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠤᠳᠠ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ | ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠨᠡᠮᠡᠷᠢᠯᠡᠪᠡ᠃ | 2023 ᠤᠨ ᠳᠤ᠂ ᠤᠳᠠ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠬᠦ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶᠠᠨ ᠤ ︽ᠨᠢᠭᠡ ᠶᠢ ᠵᠢᠷᠣᠮᠯᠡᠯ ᠢ ᠪᠠᠷᠢᠮᠲᠠᠯᠠᠵᠤ᠂ ᠨᠢᠭᠡ | ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ | ᠬᠠᠷᠠᠯᠲᠠ ᠶᠢ ᠪᠡᠶᠡᠯᠡᠭᠦᠯᠬᠦ︾ ᠶᠡᠷᠦᠩᠬᠡᠢ ᠬᠥᠭᠵᠢᠯᠲᠡ ᠶᠢᠨ ᠰᠡᠳᠬᠢᠴᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠤᠭᠤᠷᠢᠭ ᠤᠨ ᠨᠠᠮ ᠤᠨ ᠬᠤᠷᠢᠶᠠᠨ ᠤ ᠭᠤᠣᠯ ᠠᠵᠢᠯ ᠯᠤᠭ᠎ᠠ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ | ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ | ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠳᠠ ᠲᠣᠭᠤᠷᠢᠭ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠷᠮᠠᠶᠢᠨ ᠤᠷᠤᠭᠰᠢᠯᠠᠨ᠎ᠠ᠃ |