— ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠩᠪᠦ᠋ᠸᠧ ᠶᠢᠨ ᠮᠠᠲ᠋ᠧᠷᠢᠶᠠᠯ | ᠰᠤᠳᠤᠯᠬᠤ ᠭᠠᠵᠠᠷ ᠤᠨ ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠵᠤ᠋ ᠶᠢᠨ ᠢ ᠰᠤᠷᠪᠤᠯᠵᠢᠯᠠᠭᠰᠠᠨ | ᠨᠢ | | | | | | 10 ᠰᠠᠷ᠎ᠠ ᠶᠢᠨ 10 ᠤ ᠡᠳᠦᠷ᠂ 2023 ᠣᠨ ᠤ ᠳᠤᠮᠳᠠᠳᠤ ᠤᠯᠤᠰ ︵ᠦᠬᠠᠢ︶ ᠤᠨ ᠬᠤᠶᠠᠳᠤᠭᠠᠷ | ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ | ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠩᠪᠦ᠋ᠸᠧ ᠶᠢᠨ | ᠮᠠᠲ᠋ᠧᠷᠢᠶᠠᠯ ᠤᠨ ᠰᠤᠳᠤᠯᠭᠠᠨ ᠤ ᠭᠠᠵᠠᠷ ᠤᠨ ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠵᠦ ᠶᠢᠨ | ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠦᠬᠠᠢ ᠬᠤᠳᠠ ᠶᠢᠨ ᠠᠵᠤ | ᠠᠬᠤᠶᠢᠯᠠᠯ ᠲᠠᠢ ᠭᠦᠨᠵᠡᠭᠡᠢ ᠬᠠᠮᠲᠤᠷᠠᠯᠴᠠᠭ᠎ᠠ ᠬᠢᠬᠦ ᠶᠢ ᠶᠡᠬᠡᠳᠡ ᠬᠦᠰᠡᠵᠦ ᠪᠠᠶᠢᠨ᠎ᠠ ᠭᠡᠵᠡᠢ᠃ | ᠠᠮᠢᠳᠤ ᠪᠣᠳᠠᠰ ᠤᠨ ᠵᠠᠳᠠᠷᠠᠵᠤ ᠪᠣᠯᠬᠤ ᠲᠣᠮᠣ ᠮᠣᠯᠧᠺᠦ᠋ᠯ ᠪᠣᠯ ᠰᠦᠯᠢᠶᠥᠦ ᠶᠢᠨ ᠪᠣᠬᠢᠷᠲᠤᠯ ᠤᠨ ᠪᠦᠬᠦ | ᠬᠡᠯᠬᠢᠶ᠎ᠡ ᠶᠢ ᠵᠠᠰᠠᠬᠤ ᠰᠢᠰᠲ᠋ᠧᠮ ᠤᠨ ᠴᠢᠬᠤᠯᠠ ᠭᠤᠭᠴᠤᠭ᠎ᠠ ᠪᠣᠯᠣᠨ᠎ᠠ᠃ ᠣᠳᠣᠬᠠᠨ ᠳᠤ᠂ ᠪᠥᠭᠡᠭᠡᠨᠡᠷᠡᠯ ᠰᠦᠨ ᠬᠦᠴᠢᠯ | ︵PLA︶᠂ ᠪᠥᠭᠡᠭᠡᠨᠡᠷᠡᠯ ᠹᠧᠨᠢᠯ ᠬᠤᠶᠠᠷᠴᠢ ᠮᠧᠲ᠋ᠢᠯ ᠬᠦᠴᠢᠯ/ ᠾᠧᠺᠰᠠᠨᠳᠢᠤᠯ ᠪᠥᠲ᠋ᠠᠨᠳᠢᠤᠯ ᠡᠰᠲ᠋ᠧᠷ ︵PBAT︶ | ᠵᠡᠷᠭᠡ ᠠᠮᠢᠳᠤ ᠪᠣᠳᠠᠰ ᠤᠨ ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠤᠨ ᠮᠠᠲ᠋ᠧᠷᠢᠶᠠᠯ ᠨᠢ ᠡᠯ᠎ᠡ ᠡᠲᠡᠭᠡᠳ ᠤᠨ ᠬᠢᠨ ᠤ | ᠠᠩᠬᠠᠷᠤᠯ ᠢ ᠳᠡᠭᠡᠳᠦ ᠬᠡᠮᠵᠢᠶ᠎ᠡ ᠪᠠᠷ ᠲᠠᠲᠠᠵᠤ ᠪᠠᠶᠢᠨ᠎ᠠ᠃ ᠵᠦ ᠶᠢᠨ ᠪᠣᠯᠣᠨ ᠲᠡᠭᠦᠨ ᠤ ᠪᠦᠯᠬᠦᠮ ᠤᠨ ᠬᠢᠨ ᠠᠮᠢᠳᠤ | ᠪᠣᠳᠠᠰ ᠤᠨ ᠪᠦᠯᠦᠭ ᠤᠨ ᠵᠠᠳᠠᠷᠠᠵᠤ ᠪᠣᠯᠬᠤ 1ᠮ᠊ ᠲᠧᠷᠢᠶᠠᠯ ᠢ ᠰᠤᠳᠤᠯᠤᠨ ᠨᠡᠭᠡᠭᠡᠬᠦ ᠠᠵᠢᠯ ᠢ ᠤᠳᠠᠭᠠᠨ ᠵᠢᠯ ᠢᠶᠠᠷ | ᠴᠢᠷᠮᠠᠶᠢᠨ ᠬᠢᠵᠦ᠂ ᠤᠯᠠᠨ ᠵᠦᠢᠯ ᠤᠨ ᠥᠨᠳᠥᠷ ᠬᠡᠢ ᠪᠡᠶᠡᠲᠦ ᠶᠢᠨ ᠬᠠᠷᠰᠢᠯᠠᠯ᠂ ᠥᠨᠳᠥᠷ ᠬᠦᠴᠦᠯᠡᠴᠡ ᠲᠠᠢ ᠬᠡᠪ | ᠬᠡᠮᠵᠢᠶ᠎ᠡ ᠲᠠᠢ ᠥᠨᠳᠥᠷ ᠴᠢᠳᠠᠪᠬᠢᠲᠤ ᠠᠮᠢᠳᠤ ᠪᠣᠳᠠᠰ ᠤᠨ ᠪᠦᠯᠦᠭ ᠤᠨ ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠢ | ᠠᠮᠵᠢᠯᠲᠠ ᠲᠠᠢ ᠨᠡᠭᠡᠭᠡᠨ ᠬᠥᠭᠵᠢᠭᠦᠯᠵᠡᠢ᠃ | ᠶᠡᠭᠡ ᠬᠤᠷᠠᠯ ᠤᠨ ᠬᠤᠭᠤᠴᠠᠭᠠᠨ ᠳᠤ᠂ ᠵᠦ ᠶᠢᠨ ︽ᠡᠵᠡᠮᠳᠡᠵᠦ ᠪᠣᠯᠬᠤ ᠠᠮᠢᠳᠤ ᠪᠣᠳᠠᠰ ᠤᠨ ᠵᠠᠳᠠᠷᠠᠵᠤ ᠪᠤᠯᠬᠤ | ᠲᠣᠮᠣ ᠮᠣᠯᠧᠺᠦ᠋ᠯ ᠤᠨ ᠵᠢᠷᠤᠭ ᠲᠥᠯᠥᠪᠯᠡᠭᠡ ᠪᠣᠯᠣᠨ ᠬᠡᠷᠡᠭᠯᠡᠭᠡᠨ ᠤ ᠰᠤᠳᠤᠯᠭᠠᠨ︾ ᠭᠡᠬᠦ ᠰᠡᠳᠦᠪ ᠢᠶᠠᠷ ᠭᠤᠣᠯ | ᠰᠡᠳᠦᠪᠲᠦ ᠲᠠᠶᠢᠯᠤᠮᠵᠢ ᠬᠢᠵᠡᠢ᠃ ᠵᠦ ᠶᠢᠨ ᠬᠡᠯᠡᠭᠰᠡᠨ ᠨᠢ᠂ ᠵᠠᠳᠠᠷᠠᠵᠤ ᠪᠣᠯᠬᠤ ᠮᠠᠲ᠋ᠧᠷᠢᠶᠠᠯ ᠤᠨ ᠭᠤᠣᠯ ᠲᠦᠭᠦᠬᠡᠢ | ᠮᠠᠲ᠋ᠧᠷᠢᠶᠠᠯ ᠨᠢ BDO ᠪᠤᠯᠤᠨ᠎ᠠ᠂ BDO ᠶᠢᠨ ᠭᠤᠣᠯ ᠲᠦᠭᠦᠬᠡᠢ ᠮᠠᠲ᠋ᠧᠷᠢᠶᠠᠯ ᠨᠢ ᠴᠠᠬᠢᠯᠠᠭᠤᠷ ᠴᠢᠯᠠᠭᠤ | ᠪᠤᠯᠤᠨ᠎ᠠ᠂ ᠴᠠᠬᠢᠯᠠᠭᠤᠷ ᠴᠢᠯᠠᠭᠤ ᠶᠢᠨ ᠦᠢᠯᠡᠳᠪᠦᠷᠢᠯᠡᠯ ᠨᠢ ᠬᠡᠦᠷᠡᠰᠦ ᠪᠠ ᠴᠣᠬᠤᠢ ᠶᠢᠨ ᠴᠢᠯᠠᠭᠤ ᠠᠴᠠ ᠰᠠᠯᠵᠤ | ᠴᠢᠳᠠᠬᠤ ᠦᠭᠡᠢ ᠶᠤᠮ᠃ ᠦᠬᠠᠢ ᠬᠤᠳᠠ ᠶᠢᠨ ᠴᠣᠬᠤᠢ ᠶᠢᠨ ᠴᠢᠯᠠᠭᠤ ᠶᠢᠨ ᠬᠠᠳᠠᠭᠠᠯᠠᠭᠳᠠᠴᠠ ᠲᠤᠶᠢᠯ ᠤᠨ ᠡᠯᠪᠡᠭ᠂ | ᠡᠭᠦᠨ ᠤ ᠬᠠᠮᠲᠤ ᠪᠠᠰᠠ ᠡᠷᠭᠢᠯᠳᠦᠭᠦᠯᠦᠨ ᠥᠨᠳᠥᠷ ᠪᠦᠲᠦᠮᠵᠢᠲᠡᠢ ᠠᠰᠢᠭᠯᠠᠵᠤ ᠪᠣᠯᠬᠤ ᠬᠡᠦᠷᠡᠰᠦᠨ ᠵᠤᠤᠬ᠎ᠠ ᠶᠢᠨ | ᠨᠡᠭᠦᠷᠡᠰᠦᠨ ᠬᠡᠢ᠂ ᠡᠲ᠋ᠢᠨ ᠬᠡᠢ ᠵᠡᠷᠭᠡ ᠵᠠᠩᠭᠢᠯᠠᠭ᠎ᠠ ᠶᠢᠨ ᠲᠦᠭᠦᠬᠡᠢ ᠮᠠᠲ᠋ᠧᠷᠢᠶᠠᠯ ᠲᠠᠢ᠂ ᠴᠠᠬᠢᠯᠠᠭᠤᠷ ᠴᠢᠯᠠᠭᠤ᠂ ᠡᠲ᠋ᠢᠨ᠂ | ᠮᠧᠲ᠋ᠢᠯ ᠠᠯᠳᠧᠭᠢᠳ᠋᠂ BDO᠂ PTMEG᠂ ᠵᠠᠳᠠᠷᠠᠵᠤ ᠪᠤᠯᠬᠤ ᠰᠦᠯᠢᠶᠥᠦ᠂ ᠠᠮᠢᠯᠤᠨ ᠵᠡᠷᠭᠡ ᠬᠡᠯᠬᠢᠶ᠎ᠡ ᠶᠢᠨ ᠠᠵᠤ | ᠦᠢᠯᠡᠰ ᠢ ᠪᠦᠷᠢᠯᠳᠦᠭᠦᠯᠵᠦ᠂ ᠮᠠᠨ ᠤ ᠰᠤᠳᠤᠯᠭᠠᠨ ᠳᠤ ᠮᠠᠰᠢ ᠶᠡᠭᠡ ᠬᠠᠪᠰᠤᠷᠤᠯᠭ᠎ᠠ ᠪᠣᠯᠬᠤ ᠶᠤᠮ ᠭᠡᠵᠡᠢ᠃ | ᠵᠦ ᠶᠢᠨ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠵᠠᠳᠠᠷᠠᠵᠤ ᠪᠣᠯᠬᠤ ᠮᠠᠲ᠋ᠧᠷᠢᠶᠠᠯ ᠢ ᠬᠥᠭᠵᠢᠭᠦᠯᠬᠦ ᠠᠵᠤ | ᠠᠬᠤᠶᠢᠯᠠᠯ ᠲᠠᠢ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠭᠦᠨᠵᠡᠭᠡᠢ ᠬᠠᠮᠲᠤᠷᠠᠯᠴᠠᠭ᠎ᠠ ᠲᠣᠬᠢᠷᠠᠯᠴᠠᠵᠤ᠂ | ᠮᠠᠨ ᠤ ᠬᠤᠳᠠ ᠶᠢᠨ ᠠᠵᠤ ᠠᠬᠤᠶᠢᠯᠠᠯ ᠤᠨ ᠳᠠᠪᠠᠭᠤᠯᠢᠭ ᠢᠶᠠᠨ ᠠᠰᠢᠭᠯᠠᠵᠤ᠂ ᠵᠠᠳᠠᠷᠠᠵᠤ ᠪᠣᠯᠬᠤ ᠠᠮᠢᠳᠤ ᠪᠣᠳᠠᠰ ᠤᠨ | ᠮᠠᠲ᠋ᠧᠷᠢᠶᠠᠯ ᠢ ᠴᠢᠨᠠᠭᠰᠢᠳᠠ ᠰᠤᠳᠤᠯᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠦᠬᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ |