ᠮᠡᠷᠭᠡᠵᠢᠯ ᠤᠨ ᠰᠢᠨ᠎ᠡ ᠡᠭᠦᠳᠦᠯᠲᠡ ᠪᠠᠷ BDO ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠲᠤᠯᠭᠠᠭᠤᠷᠢᠯᠠᠨ᠎ᠠ
ᠨᠡᠶᠢᠲᠡᠯᠡᠭᠰᠡᠨ ᠴᠠᠭ᠄
2023/10/13
       — ᠳ᠋ᠦᠩ ᠬᠤᠸᠠ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠰᠢᠷᠭᠡᠭᠯᠢᠭ ᠮᠠᠲ᠋ᠧᠷᠢᠶᠠᠯ ᠤᠨ ᠥᠭᠡᠷᠡᠴᠢᠯᠡᠯᠲᠡ ᠶᠢᠨ ᠴᠢᠨᠠᠷᠲᠠᠢ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠳᠡᠳ᠋ ᠡᠷᠬᠢᠯᠡᠭᠴᠢ ᠢᠦᠢ ᠮᠦ ᠾᠦᠸᠧ ᠶᠢ ᠰᠤᠷᠪᠤᠯᠵᠢᠯᠠᠭᠰᠠᠨ ᠨᠢ

     10 ᠰᠠᠷ᠎ᠠ ᠶᠢᠨ 10 ᠤ ᠡᠳᠦᠷ᠂ ᠮᠠᠨ ᠤ ᠬᠤᠲᠠ ᠳᠤ ᠶᠠᠪᠤᠭᠳᠠᠭᠰᠠᠨ 2023 ᠳᠤᠮᠳᠠᠳᠤ ᠤᠯᠤᠰ ︵ᠦᠬᠠᠢ︶

 ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ

ᠬᠦᠭᠵᠢᠬᠦᠯᠦᠯᠳᠡ ᠶᠢᠨ ᠶᠡᠭᠡ ᠬᠤᠷᠠᠯ ᠳᠡᠭᠡᠷ᠎ᠡ᠂ ᠳ᠋ᠦᠩ ᠬᠤᠸᠠ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠳᠡᠭᠡᠳᠦ

ᠰᠤᠷᠭᠠᠭᠤᠯᠢ ᠶᠢᠨ ᠫᠷᠤᠹᠧᠰᠰᠤᠷ᠂ ᠰᠢᠷᠭᠡᠭᠯᠢᠭ ᠮᠠᠲ᠋ᠧᠷᠢᠶᠠᠯ ᠤᠨ ᠥᠭᠡᠷᠡᠴᠢᠯᠡᠯᠲᠡ ᠶᠢᠨ ᠴᠢᠨᠠᠷᠲᠠᠢ ᠤᠯᠤᠰ ᠤᠨ

ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠳᠡᠳ᠋ ᠡᠷᠬᠢᠯᠡᠭᠴᠢ ᠢᠦᠢ ᠮᠦ ᠾᠦᠸᠧ ︽ᠮᠡᠷᠭᠡᠵᠢᠯ ᠤᠨ ᠰᠢᠨ᠎ᠡ ᠶᠢ

ᠡᠭᠦᠳᠬᠦ ᠪᠠ ᠥᠨᠳᠥᠷ ᠥᠷᠲᠡᠭ ᠲᠠᠢ ᠪᠣᠯᠭᠠᠬᠤ ᠪᠣᠯ ᠰᠦᠯᠢᠶᠤᠤ ᠶᠢ ᠬᠢᠵᠠᠭᠠᠷᠯᠠᠬᠤ ᠦᠢᠯᠡᠰ ᠤᠨ ᠦᠷᠭᠦᠯᠵᠢᠯᠡᠬᠦ

ᠬᠥᠭᠵᠢᠯᠲᠡ ᠶᠢᠨ ᠵᠠᠩᠭᠢᠯᠠᠭ᠎ᠠ ᠮᠥᠨ︾ ᠭᠡᠬᠦ ᠰᠡᠳᠦᠪ ᠢᠶᠠᠷ ᠭᠤᠣᠯ ᠰᠡᠳᠦᠪᠲᠦ ᠲᠠᠶᠢᠯᠤᠮᠵᠢ ᠬᠢᠪᠡ᠃ ᠬᠤᠷᠠᠯ ᠤᠨ

ᠳᠠᠷᠠᠭ᠎ᠠ᠂ ᠰᠤᠷᠪᠤᠯᠵᠢᠯᠠᠭᠴᠢ ᠮᠠᠨ ᠤ ᠬᠤᠲᠠ ᠶᠢᠨ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ

ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠢ ᠲᠤᠰᠬᠠᠶᠢᠯᠠᠨ ᠢᠦᠢ ᠮᠦ ᠾᠦᠸᠧ ᠶᠢ

ᠰᠤᠷᠪᠤᠯᠵᠢᠯᠠᠪᠠ᠃

     ᠢᠦᠢ ᠮᠦ ᠾᠦᠸᠧ ᠬᠡᠯᠡᠭᠰᠡᠨ ᠨᠢ᠂ ︽ᠬᠤᠣᠰ ᠨᠡᠭᠦᠷᠡᠰᠦᠲᠥ᠋ᠷᠥᠭᠴᠢ︾ ︽ᠰᠦᠯᠢᠶᠣᠣ ᠶᠢ ᠴᠠᠭᠠᠵᠠᠯᠠᠬᠤ ᠪᠠ

ᠬᠢᠵᠠᠭᠠᠷᠯᠠᠬᠤ︾ ᠠᠬᠤᠢ ᠪᠠᠶᠢᠳᠠᠯ ᠤᠨ ᠳᠣᠣᠷ᠎ᠠ᠂ BDO ᠨᠢ ᠨᠡᠶᠢᠯᠡᠮᠡᠯ ᠰᠢᠷᠬᠡᠭ᠂ ᠠᠮᠢᠳᠤ ᠪᠣᠳᠠᠰ ᠤᠨ ᠵᠠᠳᠠᠷᠠᠵᠤ

ᠪᠤᠯᠬᠤ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠠᠵᠢᠯ ᠲᠥᠷᠥᠯ ᠤᠨ ᠴᠢᠬᠤᠯᠠ ᠰᠠᠭᠤᠷᠢ ᠪᠤᠯᠬᠤ

ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠤᠭᠰᠠᠨ ᠤ ᠬᠤᠪᠢ ᠳᠤ᠂ ᠠᠵᠢᠯ ᠲᠥᠷᠥᠯ ᠤᠨ ᠬᠢᠨ ᠤ

ᠬᠤᠪᠤᠷ ︽ᠬᠡᠷᠡᠯᠲᠤ ᠰᠣᠪᠣᠳ︾ ᠪᠣᠯᠤᠭᠰᠠᠨ ᠪᠠᠶᠢᠨ᠎ᠠ᠃ ᠦᠬᠠᠢ ᠬᠤᠳᠠ ᠶᠢᠨ ᠬᠢᠨ ᠡᠨᠡᠬᠦ ᠰᠢᠵᠢᠷ ᠠᠯᠳᠠᠨ

ᠴᠤᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ

ᠰᠠᠭᠤᠷᠢ ᠳᠠᠪᠠᠭᠤᠯᠢᠭ ᠲᠠᠭᠠᠨ ᠰᠠᠭᠤᠷᠢᠯᠠᠵᠤ᠂ ᠵᠠᠳᠠᠷᠠᠵᠤ ᠪᠣᠯᠬᠤ ᠰᠦᠯᠢᠶᠥᠦ ᠪᠠᠷ ᠭᠤᠣᠯ ᠴᠢᠭᠯᠡᠯ ᠪᠣᠯᠭᠠᠭᠰᠠᠨ ᠰᠢᠨ᠎ᠡ

ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠭᠠᠵᠠᠷ ᠢ ᠠᠵᠤ ᠦᠢᠯᠡᠰ ᠤᠨ ᠬᠡᠯᠪᠡᠷᠢ ᠪᠠᠨ

ᠬᠤᠪᠢᠷᠠᠭᠤᠯᠬᠤ ᠶᠢᠨ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠪᠦᠬᠦ ᠪᠥᠮᠪᠥᠷᠴᠡᠭ ᠤᠨ ᠬᠠᠮᠤᠭ ᠤᠨ ᠲᠣᠮᠣ

ᠲᠠᠩ ᠪᠡᠶᠡᠲᠦ BDO ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠪᠠ᠂ ᠡᠨᠡᠬᠦ ᠠᠮᠵᠢᠯᠲᠠ ᠨᠢ ᠪᠠᠶᠠᠷᠯᠠᠭᠤᠰᠢᠲᠠᠢ

ᠪᠠᠶᠢᠨ᠎ᠠ ᠭᠡᠵᠡᠢ᠃

     ᠢᠦᠢ ᠮᠤ᠋ ᠾᠦᠸᠧ ᠬᠡᠯᠡᠭᠰᠡᠨ ᠨᠢ᠂ ᠡᠨᠡ ᠵᠢᠯ ᠤᠨ 8 ᠰᠠᠷ᠎ᠠ ᠳᠤ᠂ ᠤᠯᠤᠰ ᠤᠨ ᠳᠣᠲᠣᠭᠠᠳᠤ ᠶᠢᠨ

ᠠᠩᠬᠠᠳᠠᠭᠴᠢ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠦᠬᠠᠢ ᠬᠤᠲᠠ ᠳᠤ

ᠪᠠᠶᠢᠭᠤᠯᠤᠭᠳᠠᠵᠤ᠂ ᠦᠬᠠᠢ ᠬᠤᠲᠠ ᠶᠢᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ

ᠳᠠᠮᠵᠢᠭᠤᠯᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢᠶᠠᠨ ᠥᠷᠭᠡᠳᠬᠡᠵᠦ᠂ ᠠᠵᠢᠯ ᠲᠦᠷᠦᠯ ᠤᠨ

ᠬᠥᠭᠵᠢᠯᠲᠡ ᠶᠢᠨ ᠥᠨᠳᠦᠷᠯᠢᠭ ᠢ ᠡᠵᠡᠯᠡᠵᠦ᠂ ᠦᠬᠠᠢ ᠶᠢ BDO ᠦᠢᠯᠡᠳᠬᠦᠨ ᠤ ᠠᠷᠠᠯᠵᠢᠶᠠᠨ ᠤ ᠲᠥᠪ᠂ ᠦᠨ᠎ᠡ

ᠬᠠᠩᠰᠢ ᠶᠢᠨ ᠪᠦᠷᠢᠯᠳᠦᠯ ᠤᠨ ᠲᠥᠪ᠂ ᠮᠡᠷᠭᠡᠵᠢᠯ ᠤᠨ ᠪᠠᠷᠢᠮᠵᠢᠶ᠎ᠠ ᠶᠢᠨ ᠲᠥᠪ᠂ ᠶᠠᠰᠤ ᠴᠢᠨᠠᠷ ᠰᠢᠯᠭᠠᠨ ᠪᠠᠶᠢᠴᠠᠭᠠᠬᠤ

ᠲᠥᠪ ᠪᠣᠯᠭᠠᠬᠤ ᠶᠢ ᠠᠬᠢᠭᠤᠯᠵᠤ᠂ ᠪᠦᠬᠦ ᠤᠯᠤᠰ ᠤᠨ ᠴᠢᠬᠤᠯᠠ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ

ᠪᠠ ᠦᠭᠡ ᠬᠡᠯᠡᠬᠦ ᠡᠷᠬᠡ ᠲᠠᠢ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠦᠬᠠᠢ ᠬᠤᠳᠠ ᠶᠢᠨ

ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠠᠵᠤ ᠠᠬᠤᠢ ᠶᠢᠨ

ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠤᠯᠤᠰ ᠤᠨ BDO ᠠᠵᠤ ᠦᠢᠯᠡᠰ ᠤᠨ ᠴᠢᠨᠠᠷ

ᠰᠠᠶᠢᠲᠠᠢ᠂ ᠦᠷᠭᠦᠯᠵᠢᠯᠡᠬᠦ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map