ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/10/13
     10 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ 2023 ᠣᠨ ᠤ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠶ ᠳᠤ ᠡᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠲᠤᠭ ᠤᠨ ᠠᠩᠭᠢ᠂ ᠬᠡᠩᠭᠡᠷᠭᠡ ᠶᠢᠨ ᠠᠩᠭᠢ᠂ ᠥᠩᠭᠡᠲᠦ ᠲᠤᠭ ᠤᠨ ᠠᠩᠭᠢ ᠵᠡᠷᠭᠡ ᠪᠠᠷ ᠪᠦᠷᠢᠯᠳᠦᠭᠰᠡᠨ ᠡᠩᠨᠡᠭᠡᠨ ᠤ ᠶᠣᠰᠣᠯᠠᠯ ᠤᠨ ᠲᠥᠯᠥᠭᠡᠯᠡᠭᠴᠢᠳ ᠤᠨ ᠠᠩᠭᠢ ᠪᠠ ᠪᠦᠬᠦ ᠬᠤᠲᠠ ᠠᠴᠠ ᠢᠷᠡᠭᠰᠡᠨ 37 ᠲᠥᠯᠥᠭᠡᠯᠡᠭᠴᠢᠳ ᠤᠨ ᠠᠩᠭᠢ ᠲᠡᠷᠢᠭᠦᠯᠡᠭᠴᠢ ᠶᠢᠨ ᠲᠠᠶᠢᠰᠠ ᠶᠢᠨ ᠡᠮᠦᠨᠡᠭᠦᠷ ᠥᠩᠭᠡᠷᠡᠵᠦ᠂ ᠲᠠᠮᠢᠷᠴᠢᠳ ᠲᠠᠯᠠᠪᠠᠶ ᠳᠤ ᠣᠷᠣᠭᠰᠠᠨ ᠤ ᠳᠠᠷᠠᠭ᠎ᠠ ᠰᠦᠷ ᠵᠢᠪᠬᠤᠯᠠᠩᠲᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠠᠢ᠃ ᠡᠭᠦᠨ ᠤ ᠳᠠᠷᠠᠭ᠎ᠠ᠂ ᠮᠠᠨ ᠤ ᠬᠤᠲᠠ ᠶᠢᠨ 6 ᠳᠤᠮᠳᠠᠳᠤ ᠪᠠᠭ᠎ᠠ ᠰᠤᠷᠭᠠᠭᠤᠯᠢ᠂ 2600 ᠰᠢᠬᠠᠮ ᠪᠠᠭᠰᠢ ᠰᠤᠷᠤᠭᠴᠢ ᠬᠠᠮᠲᠤ ᠪᠠᠷ 6 ᠪᠦᠯᠦᠭ ᠲᠣᠮᠣ ᠬᠡᠯᠪᠡᠷᠢ ᠶᠢᠨ ᠬᠠᠮᠲᠤ ᠶᠢᠨ ᠬᠢᠮᠨᠠᠰᠲᠢᠺ ᠢ ᠲᠣᠭᠯᠠᠵᠤ᠂ ᠮᠠᠨ ᠤ ᠬᠤᠲᠠ ᠶᠢᠨ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠬᠠᠷᠠᠭᠤᠯᠪᠠ᠃      ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠲᠠᠷᠠᠭ᠎ᠠ᠂ ᠡᠯ᠎ᠡ ᠵᠦᠢᠯ ᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ 2 ᠡᠳᠦᠷ ᠶᠠᠪᠤᠭᠳᠠᠵᠤ᠂ ᠨᠡᠶᠢᠲᠡ 6 ᠳᠤᠭᠤᠶᠢᠯᠠᠩ᠂ 76 ᠲᠥᠷᠥᠯ ᠵᠦᠢᠯ ᠲᠤᠬᠢᠷᠠᠭᠤᠯᠵᠤ᠂ ᠪᠥᠬᠦ ᠬᠤᠲᠠ ᠶᠢᠨ 37 ᠰᠤᠷᠭᠠᠭᠤᠯᠢ ᠠᠴᠠ ᠢᠷᠡᠭᠰᠡᠨ 953 ᠲᠠᠮᠢᠷᠴᠢᠨ ᠤᠷᠤᠯᠳᠤᠭᠠᠨ ᠤ ᠲᠠᠯᠠᠪᠤᠷ ᠲᠤ ᠬᠦᠷᠴᠦ᠂ ᠴᠤᠭ ᠵᠢᠪᠬᠤᠭ᠎ᠠ ᠪᠠᠨ ᠭᠠᠶᠢᠬᠠᠭᠤᠯᠬᠤ ᠪᠣᠯᠣᠨ᠎ᠠ᠃      ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠰᠡᠨ ᠨᠢ ᠪᠥᠬᠦ ᠬᠤᠲᠠ ᠶᠢᠨ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠴᠤᠭ ᠵᠢᠪᠬᠤᠭ᠎ᠠ ᠪᠠᠨ ᠳᠡᠯᠭᠡᠨ ᠦᠵᠡᠭᠦᠯᠬᠦ᠂ ᠤᠷᠤᠯᠳᠤᠭᠠᠨ ᠤ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠭᠦᠭᠰᠡᠨ ᠪᠥᠭᠡᠳ ᠰᠤᠷᠭᠠᠨ ᠬᠥᠮᠦᠵᠢᠯ ᠤᠨ ᠰᠢᠰᠲ᠋ᠧᠮ ᠤᠨ ᠣᠮᠤᠭ ᠰᠦᠷ ᠢ ᠤᠯᠠᠮ ᠨᠢᠭᠡ ᠠᠯᠬᠤᠮ ᠬᠥᠭᠵᠢᠭᠡᠨ ᠪᠠᠳᠠᠷᠠᠭᠤᠯᠵᠤ᠂ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠯᠠᠪᠳᠠᠭᠤᠨ ᠢᠶᠠᠷ ᠠᠬᠢᠭᠤᠯᠬᠤ ᠳᠤ ᠨᠠᠩ ᠣᠯᠠᠨ ᠠᠰᠢᠭᠲᠠᠢ ᠵᠢᠱᠢᠶ᠎ᠡ ᠦᠵᠡᠭᠦᠯᠦᠭᠰᠡᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map