BDO ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠪᠣᠶ ᠪᠤᠯᠭᠠᠶ᠎ᠠ
ᠨᠡᠶᠢᠲᠡᠯᠡᠭᠰᠡᠨ ᠴᠠᠭ᠄
2023/10/17
       — ᠾᠧᠨᠠᠨ ᠤ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠪᠣᠷᠤᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠶᠡᠷᠦᠩᠬᠡᠢ ᠳᠠᠭᠠᠭᠠᠮᠠᠯ ᠮᠣᠣ ᠽᠢ ᠰᠢᠤᠸᠡᠢ ᠶᠢ ᠰᠤᠷᠪᠤᠯᠵᠢᠯᠠᠭᠰᠠᠨ ᠨᠢ

     10 ᠰᠠᠷ᠎ᠠ ᠶᠢᠨ 10 ᠤ ᠡᠳᠦᠷ᠂ ᠾᠧᠨᠠᠨ ᠤ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ

ᠪᠣᠷᠤᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠶᠡᠷᠦᠩᠬᠡᠢ ᠳᠠᠭᠠᠭᠠᠮᠠᠯ ᠮᠣᠣ ᠽᠢ ᠰᠢᠤᠸᠠᠢ

ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ 2023 ᠳᠤᠮᠳᠠᠳᠤ ᠤᠯᠤᠰ

︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ

ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠳᠤ ᠣᠷᠣᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃

ᠲᠤᠰ ᠤᠳᠠᠭᠠᠨ ᠤ ᠶᠡᠭᠡ ᠬᠤᠷᠠᠯ ᠤᠨ ᠬᠤᠭᠤᠴᠠᠭᠠᠨ ᠳᠤ ᠮᠠᠰᠢ ᠣᠯᠠᠨ ᠲᠤᠰᠬᠠᠢ ᠮᠡᠷᠭᠡᠵᠢᠯᠲᠡᠨ ᠡᠷᠳᠡᠮᠲᠡᠨ ᠲᠠᠢ

BDO ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠠᠨᠳᠤᠰᠢ᠂ ᠮᠡᠷᠭᠡᠵᠢᠯ ᠤᠨ ᠰᠢᠨ᠎ᠡ ᠶᠢ

ᠡᠭᠦᠳᠬᠦ ᠪᠠ ᠥᠨᠳᠥᠷ ᠥᠷᠲᠡᠭᠲᠦ ᠴᠢᠨᠠᠷ ᠵᠡᠷᠭᠡ ᠭᠤᠣᠯ ᠰᠡᠳᠦᠪ ᠠᠴᠠ ᠰᠣᠯᠢᠯᠴᠠᠭ᠎ᠠ ᠥᠷᠨᠢᠭᠦᠯᠵᠦ᠂ ᠡᠭᠦᠨ ᠤ

ᠬᠠᠮᠲᠤ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ

ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ ᠦᠬᠠᠢ ᠬᠤᠳᠠ ᠶᠢᠨ BDO ᠵᠢᠴᠢ ᠵᠠᠳᠠᠷᠠᠵᠤ ᠪᠣᠯᠬᠤ

ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ

ᠪᠠᠶᠢᠳᠠᠯ ᠢ ᠨᠢ ᠰᠢᠨᠵᠢᠯᠡᠨ ᠪᠠᠶᠢᠴᠠᠭᠠᠪᠠ᠂ ᠡᠨᠡ ᠨᠢ ᠮᠠᠨ ᠤ ᠠᠵᠤ ᠠᠬᠤᠶᠢᠯᠠᠯ ᠤᠨ ᠬᠤᠶᠢᠰᠢᠳᠠ ᠶᠢᠨ ᠬᠥᠭᠵᠢᠯᠲᠡ ᠳᠤ

ᠰᠢᠨ᠎ᠡ ᠰᠡᠳᠬᠢᠴᠡ ᠪᠣᠯᠣᠨ ᠦᠯᠢᠭᠡᠷ ᠳᠠᠭᠤᠷᠢᠶᠠᠯ ᠬᠠᠩᠭᠠᠵᠠᠢ ᠭᠡᠵᠡᠢ᠃

     ᠮᠣᠣ ᠽᠢ ᠰᠢᠤᠸᠡᠢ ᠬᠡᠯᠡᠭᠰᠡᠨ ᠨᠢ᠂ BDO ᠪᠣᠯ ᠦᠨᠳᠦᠰᠦᠨ ᠣᠷᠭᠠᠨᠢᠭ ᠬᠢᠮᠢ ᠶᠢᠨ ᠠᠵᠤ ᠦᠢᠯᠡᠳᠪᠦᠷᠢ

ᠪᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠲᠦᠭᠦᠬᠡᠢ ᠡᠳ᠋ ᠮᠥᠨ᠂ ᠲᠡᠭᠦᠨ ᠤ ᠬᠡᠷᠡᠭᠴᠡᠭᠡ ᠥᠷᠭᠡᠨ

ᠳᠡᠯᠭᠡᠷ ᠪᠠᠶᠢᠵᠤ᠂ ᠤᠯᠠᠨ ᠵᠦᠢᠯ ᠤᠨ ᠥᠨᠳᠥᠷ ᠨᠡᠮᠡᠯᠲᠡ ᠦᠷᠳᠡᠭ ᠲᠠᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ

ᠪᠦᠲᠦᠭᠡᠭᠳᠡᠬᠦᠨ ᠢ ᠪᠤᠢ ᠪᠣᠯᠭᠠᠵᠤ ᠴᠢᠳᠠᠨ᠎ᠠ᠃ ᠣᠶᠢᠷ᠎ᠠ ᠶᠢᠨ ᠬᠡᠳᠦᠨ ᠵᠢᠯ ᠳᠤ ᠵᠠᠳᠠᠷᠠᠵᠤ ᠪᠣᠯᠬᠤ ᠮᠠᠲ᠋ᠧᠷᠢᠶᠠᠯ᠂ ᠰᠢᠨ᠎ᠡ

ᠡᠨᠧᠷᠭᠢ ᠶᠢᠨ ᠳ᠋ᠢᠶᠠᠨ ᡂᠢ ᠪᠣᠯᠣᠨ ᠠᠷᠤᠨ ᠵᠡᠷᠭᠡ ᠬᠦᠷᠢᠶᠡᠨ ᠳᠠᠬᠢ ᠴᠢᠩᠭ᠎ᠠ ᠬᠦᠴᠦᠲᠡᠢ ᠬᠡᠷᠡᠭᠴᠡᠭᠡ ᠶᠢᠨ

ᠳᠠᠭᠠᠭᠤᠯᠭ᠎ᠠ ᠶᠢ ᠭᠥᠷᠳᠡᠵᠦ᠂ BDO ᠨᠢ ᠬᠥᠮᠥᠰ ᠤᠨ ᠠᠩᠬᠠᠷᠤᠯ ᠢ ᠬᠠᠮᠤᠭ ᠠᠴᠠ ᠢᠯᠡᠭᠦᠦ ᠲᠠᠲᠠᠭᠰᠠᠨ ᠴᠢᠯᠠᠭᠤᠨ

ᠲᠣᠰᠣ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠨᠢᠭᠡ ᠪᠣᠯᠵᠤ᠂ BDO ᠶᠢ ᠨᠢᠭᠡ

ᠴᠤᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠨᠢ ᠴᠦ ᠪᠡᠯᠡ ᠣᠷᠣᠭᠤᠯᠤᠯᠲᠠ ᠶᠢᠨ ᠬᠠᠯᠠᠮᠰᠢᠯ ᠵᠠᠮ ᠪᠣᠯᠤᠭᠰᠠᠨ

ᠪᠠᠶᠢᠨ᠎ᠠ᠃ ᠦᠬᠠᠢ ᠬᠤᠲᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠳᠤ ᠣᠯᠠᠨ ᠠᠵᠤ ᠦᠢᠯᠡᠰ ᠤᠨ

ᠬᠦᠷᠢᠶᠡᠯᠡᠩ ᠲᠣᠭᠤᠷᠢᠭ ᠲᠠᠷᠬᠠᠵᠤ᠂ BDO ᠶᠢᠨ ᠠᠵᠤ ᠦᠢᠯᠡᠰ ᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ

ᠭᠦᠢᠴᠡᠳ᠂ ᠡᠯᠧᠮᠧᠨ᠋ᠲ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠳ᠋ᠦᠩ ᠶᠤᠸᠠᠨ᠂ ᠵᠢᠶᠦ᠋ᠨ ᠵᠧᠩ ᠵᠡᠷᠭᠡ

BDO ᠵᠢᠴᠢ ᠳᠣᠣᠷᠠᠳᠤ ᠤᠷᠤᠰᠬᠠᠯ ᠤᠨ ᠦᠢᠯᠡᠳᠬᠦᠨ ᠦᠢᠯᠡᠳᠪᠦᠷᠢᠯᠡᠬᠦ 7 ᠠᠵᠤ ᠠᠬᠤᠶᠢᠯᠠᠯ ᠪᠤᠢ᠂ ᠡᠭᠦᠨ ᠳᠤ

ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠭᠰᠠᠨ ᠠᠵᠤ ᠠᠬᠤᠶᠢᠯᠠᠯ ᠳᠠᠷᠤᠢ 5 ᠪᠣᠶ᠂

ᠡᠲᠡᠭᠡᠷ ᠲᠥᠷᠥᠯ ᠵᠦᠢᠯ ᠤᠨ ᠲᠦᠷᠭᠡᠨ ᠢᠶᠠᠷ ᠪᠦᠲᠦᠭᠡᠨ ᠪᠠᠶᠢᠭᠤᠯᠤᠭᠳᠠᠵᠤ᠂ ᠵᠠᠯᠭᠠᠯᠳᠤᠭ᠎ᠠ ᠪᠠᠷ ᠠᠰᠢᠭᠯᠠᠯᠲᠠ ᠳᠤ

ᠣᠷᠣᠬᠤ ᠶᠢ ᠳᠠᠭᠠᠯᠳᠤᠨ᠂ ᠵᠢᠱᠢᠯᠲᠡ ᠪᠠᠷ 2025 ᠣᠨ ᠪᠣᠯᠬᠤ ᠳᠤ᠂ ᠦᠬᠠᠢ ᠬᠤᠲᠠ ᠶᠢᠨ BDO ᠶᠢᠨ

ᠦᠢᠯᠡᠳᠪᠦᠷᠢᠯᠡᠬᠦ ᠴᠢᠳᠠᠪᠤᠷᠢ ᠪᠠᠷᠤᠭ 250 ᠲᠦᠮᠡᠨ ᠲᠣᠨ ᠳᠤ ᠬᠦᠷᠴᠦ᠂ ᠪᠥᠬᠦ ᠤᠯᠤᠰ ᠤᠨ ᠶᠡᠷᠦᠩᠬᠡᠢ

ᠦᠢᠯᠡᠳᠪᠦᠷᠢᠯᠡᠬᠦ ᠴᠢᠳᠠᠪᠤᠷᠢ ᠶᠢᠨ 20% ᠠᠴᠠ ᠳᠡᠭᠡᠭᠰᠢᠬᠢ ᠶᠢ ᠡᠵᠡᠯᠡᠨ᠎ᠡ ᠭᠡᠵᠡᠢ᠃

     ᠮᠤᠤ ᠽᠢ ᠰᠢᠤᠸᠠᠢ ᠢᠯᠡᠷᠭᠡᠶᠢᠯᠡᠭᠰᠡᠨ ᠨᠢ᠂ ᠦᠬᠠᠢ ᠬᠤᠲᠠ ᠶᠢᠨ BDO ᠠᠵᠤ ᠦᠢᠯᠡᠰ ᠤᠨ ᠬᠡᠯᠬᠢᠶ᠎ᠡ ᠶᠢᠨ

ᠰᠦᠷᠦᠭᠵᠢᠯ ᠤᠨ ᠠᠩᠬᠠᠨ ᠤ ᠳᠦᠷᠰᠦ ᠪᠠᠶᠢᠳᠠᠯ ᠨᠢᠭᠡᠨᠲᠡ ᠢᠯᠡᠷᠡᠵᠦ᠂ ᠪᠥᠬᠦ ᠳᠡᠯᠡᠬᠡᠢ ᠶᠢᠨ ᠬᠠᠮᠤᠭ ᠤᠨ ᠲᠣᠮᠣ

BDO ᠶᠢ ᠨᠢᠭᠡ ᠴᠤᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠬᠥᠭᠵᠢᠯᠲᠡ ᠶᠢᠨ ᠬᠠᠨᠳᠤᠰᠢ

ᠪᠣᠶ ᠪᠣᠯᠵᠠᠢ᠃ ᠢᠷᠡᠭᠡᠳᠦᠢ ᠳᠤ᠂ ᠦᠬᠠᠢ ᠬᠤᠳᠠ ᠶᠢᠨ ᠬᠢᠨ ᠪᠦᠬᠦ᠋ᠢᠯᠡ BDO ᠠᠵᠢᠯ ᠲᠦᠷᠦᠯ ᠤᠨ ᠡᠷᠡᠭᠦᠯ

ᠪᠥᠭᠡᠳ ᠡᠮᠬᠢ ᠳᠢᠭᠯᠢᠮ ᠲᠠᠢ ᠬᠥᠭᠵᠢᠯᠲᠡ ᠶᠢ ᠬᠥᠲᠥᠯᠥᠨ ᠵᠢᠯᠣᠭᠤᠳᠤᠨ᠎ᠠ ᠭᠡᠳᠡᠭ ᠢ ᠢᠲᠡᠭᠡᠵᠦ ᠪᠠᠶᠢᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map