10 ᠰᠠᠷ᠎ᠠ ᠶᠢᠨ 31 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ | ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ | ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2023 ᠣᠨ ᠤ 12 ᠳ᠋ᠤᠭᠠᠷ ᠣᠳᠠᠭᠠᠨ ᠤ | ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠭᠤᠣᠯ ᠰᠡᠳᠦᠪᠲᠦ ᠬᠥᠮᠦᠵᠢᠯ ᠤᠨ 3 ᠳ᠋ᠤᠭᠠᠷ ᠣᠳᠠᠭᠠᠨ ᠤ | ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠬᠢ ᠰᠢ ᠶᠢᠨ ᠫᠢᠩ ᠶᠡᠷᠦᠩᠬᠡᠢ ᠱᠦᠵᠢ | ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠪᠦᠬᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ | ᠪᠦᠷᠢᠯᠳᠦᠭᠦᠨ ᠨᠠᠷ ᠲᠠᠢ ᠬᠠᠮᠲᠤ ᠶᠢᠨ ᠶᠠᠷᠢᠯᠴᠠᠭ᠎ᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ | ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠬᠠᠮᠲᠤ ᠪᠠᠷ ᠰᠤᠷᠤᠯᠴᠠᠵᠤ᠂ ︽ᠳᠠᠪᠠᠭᠤᠯᠢᠭ ᠢᠶᠠᠨ | ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠭᠦᠢᠴᠡᠳ ᠵᠦᠪ ᠣᠨᠣᠪᠴᠢᠲᠠᠶ | ᠪᠦᠬᠦ ᠲᠠᠯ᠎ᠠ ᠪᠠᠷ ᠡᠵᠡᠮᠰᠢᠨ ᠲᠤᠤᠱᠯᠠᠭᠤᠯᠵᠤ᠂ ᠡᠷᠡᠰ ᠭᠤᠶᠢᠪᠢᠰᠢ ᠦᠭᠡᠢ ᠪᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠭᠠᠵᠤ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ | ᠠᠵᠢᠯ ᠤᠨ ᠭᠤᠣᠯ ᠱᠤᠭᠤᠮ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠭᠦᠨᠵᠡᠭᠡᠢ ᠲᠤᠤᠱᠯᠠᠭᠤᠯᠤᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠲᠡᠨ ᠨᠦᠭᠦᠳ ᠤᠨ | ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠬᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠪᠦᠬᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ | ᠪᠦᠷᠢᠯᠳᠦᠭᠦᠨ ᠨᠠᠷ ᠲᠠᠢ ᠬᠠᠮᠲᠤ ᠶᠢᠨ ᠶᠠᠷᠢᠯᠴᠠᠭ᠎ᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ︵︽ᠦᠬᠠᠢ ᠬᠤᠲᠠ ᠶᠢᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021— 2030 ᠣᠨ︶︾ ︽ᠦᠬᠠᠢ ᠬᠤᠲᠠ ᠶᠢᠨ ᠬᠡᠦᠬᠡᠳ ᠤᠨ | ᠬᠥᠭᠵᠢᠯᠲᠡ ᠶᠢᠨ ᠬᠥᠲᠥᠯᠪᠦᠷᠢ ︵2021— 2030 ᠣᠨ︶︾ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠠᠵᠢᠯᠴᠢᠨ ᠤ ᠡᠪᠯᠡᠯ ᠪᠠ ᠡᠮᠡᠭᠲᠡᠶᠢᠴᠦᠳ ᠤᠨ ᠬᠤᠯᠪᠣᠭ᠎ᠠ ᠶᠢᠨ ᠬᠠᠤᠯᠢ ᠲᠣᠭᠲᠠᠭᠠᠯ ᠶᠣᠰᠣᠭᠠᠷ ᠠᠵᠢᠯ ᠢᠶᠠᠨ | ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠠᠵᠢᠯᠴᠢᠨ ᠤ | ᠬᠦᠴᠦᠨ ᠴᠢᠳᠠᠯ ᠢᠶᠠᠨ ᠡᠷᠭᠦᠵᠦ᠂ ᠰᠣᠳᠣᠨ ᠡᠮᠡᠭᠲᠡᠶᠢᠴᠦᠳ ᠤᠨ ᠣᠶᠤᠨ ᠤᠬᠠᠭᠠᠨ ᠢ ᠨᠢᠭᠲᠠᠷᠠᠭᠤᠯᠬᠤ ᠬᠡᠷᠡᠭᠳᠡᠢ | ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠢᠷᠭᠡᠨ ᠤ ᠬᠠᠤᠯᠢ ᠶᠢᠨ ᠪᠢᠴᠢᠭ ᠤᠨ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ | ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠰᠢᠵᠦ᠂ ᠢᠷᠭᠡᠨ ᠤ ᠬᠠᠤᠯᠢ ᠶᠢᠨ ᠪᠢᠴᠢᠭ ᠤᠨ ᠡᠯ᠎ᠡ ᠵᠦᠢᠯ ᠤᠨ | ᠲᠣᠭᠲᠠᠭᠠᠯ ᠤᠨ ᠱᠠᠭᠠᠷᠳᠠᠯᠭ᠎ᠠ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ᠂ ᠡᠯ᠎ᠡ ᠲᠠᠯ᠎ᠠ ᠳᠤ | ᠲᠤᠤᠱᠯᠠᠭᠤᠯᠵᠤ᠂ ᠬᠠᠤᠯᠢ ᠶᠣᠰᠣᠭᠠᠷ ᠬᠤᠳᠠ ᠪᠠᠨ ᠵᠠᠰᠠᠬᠤ᠂ ᠬᠠᠤᠯᠢ ᠶᠣᠰᠣᠭᠠᠷ ᠲᠦᠷᠦ ᠪᠠᠷᠢᠬᠤ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠳᠤᠮᠳᠠ ᠢᠷᠭᠡᠨ ᠤ ᠬᠡᠷᠡᠭ ᠤᠨ ᠡᠷᠬᠡ ᠶᠢ ᠬᠠᠮᠠᠭᠠᠯᠠᠬᠤ᠂ ᠤᠯᠠᠨ | ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠨᠡᠩ ᠴᠢᠬᠤᠯᠠᠴᠢᠯᠠᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ | ᠴᠠᠭᠠᠵᠠ ᠶᠢ ᠲᠦᠭᠡᠮᠡᠯᠵᠢᠭᠦᠯᠬᠦ ᠶᠢ ᠥᠷᠨᠢᠭᠦᠯᠬᠦ ᠯᠦᠭᠡ ᠤᠶᠠᠯᠳᠤᠭᠤᠯᠤᠨ ᠢᠷᠭᠡᠨ ᠤ ᠬᠠᠤᠯᠢ ᠶᠢᠨ ᠪᠢᠴᠢᠭ ᠢ | ᠤᠬᠠᠭᠤᠯᠬᠤ᠂ ᠲᠠᠶᠢᠯᠪᠤᠷᠢᠯᠠᠬᠤ ᠪᠠ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠢ | ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ | ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠶᠢ ᠬᠥᠲᠥᠯᠥᠨ ᠵᠢᠯᠤᠭᠤᠳᠴᠤ᠂ ᠬᠠᠤᠯᠢ ᠶᠣᠰᠣᠭᠠᠷ ᠬᠡᠷᠡᠭ | ᠬᠦᠢᠴᠡᠳᠭᠡᠬᠦ ᠶᠢ ᠨᠡᠶᠢᠭᠡᠮ ᠳᠠᠶᠠᠭᠠᠷ ᠤᠨ ᠬᠡᠪ ᠵᠠᠩᠰᠢᠯ ᠪᠤᠯᠭᠠᠬᠤ ᠭᠡᠷᠡᠭᠳᠡᠢ ᠭᠡᠵᠡᠢ᠃ | ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠨᠠᠷ ︽ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠪᠠᠨ ᠠᠬᠢᠭᠤᠯᠬᠤ︾ | ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠴᠢᠬᠤᠯᠠᠴᠢᠯᠠᠭᠰᠠᠨ | ᠨᠢ᠂ ᠪᠦᠬᠦ ᠲᠠᠯ᠎ᠠ ᠠᠴᠠ ᠨᠢᠭᠡ ᠬᠦᠷᠢᠶ᠎ᠡ ᠬᠡᠪᠴᠢᠶ᠎ᠡ ᠶᠢ ᠲᠥᠯᠥᠪᠵᠢᠭᠦᠯᠵᠦ᠂ ᠨᠢᠭᠡ ᠬᠦᠷᠢᠶ᠎ᠡ ᠬᠡᠪᠴᠢᠶ᠎ᠡ ᠪᠠᠷ ᠪᠦᠬᠦ | ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠠᠴᠠ ᠪᠠᠶᠢᠷᠢ ᠲᠣᠭᠲᠠᠭᠠᠯᠲᠠ᠂ ᠡᠭᠦᠷᠭᠡ | ᠪᠠᠨ ᠡᠷᠢᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠲᠦᠷᠦ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ᠂ ᠠᠵᠠ ᠲᠣᠬᠢᠶᠠᠯ ᠢ ᠠᠮᠵᠢᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ | ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢᠶᠠᠨ ᠨᠡᠮᠡᠭᠳᠡᠭᠦᠯᠵᠦ᠂ ᠠᠵᠠ ᠲᠣᠬᠢᠶᠠᠯ ᠤᠨ ᠳᠠᠪᠠᠭᠤᠯᠢᠭ | ᠢᠶᠠᠨ ᠦᠨᠡᠨᠬᠦ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠬᠤ ᠬᠡᠷᠡᠭᠲᠡᠢ᠃ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠡᠷᠡᠰ ᠲᠥᠪ ᠪᠣᠯᠭᠠᠵᠤ᠂ | ︽ᠳᠤᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ︽ᠲᠤᠯᠤᠭᠠᠨ ᠵᠦᠢᠯ ᠤᠨ ᠤᠬᠠᠮᠰᠠᠷ︾ ᠢᠶᠠᠨ ᠴᠢᠩᠭᠠᠳᠬᠠᠵᠤ᠂ | ᠠᠰᠠᠭᠤᠳᠠᠯ ᠢ ᠰᠢᠢᠳᠪᠦᠷᠢᠯᠡᠬᠦ᠂ ᠳᠤᠲᠠᠭᠤᠳᠠᠯ ᠢᠶᠠᠨ ᠨᠥᠬᠦᠪᠦᠷᠢᠯᠡᠬᠦ ᠳᠤᠮᠳᠠ ᠬᠥᠭᠵᠢᠯᠲᠡ ᠶᠢ ᠠᠬᠢᠭᠤᠯᠬᠤ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠵᠥᠷᠢᠶ᠎ᠡ ᠬᠦᠷᠦᠯᠴᠡᠬᠦ | ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠤᠷᠤᠭᠤᠳᠠᠬᠤ ᠳᠠᠷᠤᠯᠲᠠ ᠶᠢ ᠡᠷᠡᠰ ᠬᠤᠷᠢᠭᠯᠠᠵᠤ᠂ ᠬᠦᠴᠢᠷ | ᠠᠰᠠᠭᠤᠳᠠᠯ ᠳᠤ ᠵᠣᠷᠢᠭᠲᠠᠢ ᠪᠠᠷ ᠰᠢᠭᠤᠳ ᠬᠠᠨᠳᠤᠵᠤ᠂ ᠠᠵᠤ ᠦᠢᠯᠡᠰ ᠤᠨ ᠬᠥᠭᠵᠢᠯᠲᠡ ᠶᠢᠨ ᠲᠦᠭᠵᠢᠷᠡᠯ ᠢ ᠪᠦᠬᠦ | ᠲᠠᠯ᠎ᠠ ᠪᠠᠷ ᠨᠡᠪᠲᠡᠷᠡᠭᠦᠯᠬᠦ ᠬᠡᠷᠡᠭᠲᠡᠢ᠃ ᠴᠠᠭ ᠪᠢᠳᠡᠨ ᠢ ᠬᠦᠯᠢᠶᠡᠬᠦ ᠦᠭᠡᠢ᠂ ᠴᠠᠭ ᠢ ᠠᠮᠵᠢᠨ ᠠᠵᠢᠯᠯᠠᠬᠤ ᠡᠷᠴᠢ | ᠬᠦᠴᠦᠨ ᠢᠶᠠᠨ ᠪᠠᠳᠠᠷᠠᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠶᠢ ᠲᠡᠪᠴᠢᠵᠦ᠂ ︽ᠲᠦᠯᠬᠢᠬᠦ᠂ | ᠬᠤᠶᠢᠰᠢᠯᠠᠭᠤᠯᠬᠤ᠂ ᠲᠣᠭᠤᠷᠢᠭᠤᠯᠬᠤ︾ ᠶᠢ ᠬᠤᠷᠢᠭᠯᠠᠵᠤ᠂ ᠪᠠᠷᠢᠨ ᠬᠡᠯᠡᠵᠦ ᠪᠠᠷᠢᠨ ᠬᠡᠷᠡᠭᠵᠢᠭᠦᠯᠵᠦ᠂ ᠳᠠᠷᠤᠶᠢᠬᠠᠨ | ᠭᠦᠢᠴᠡᠳᠬᠡᠵᠦ᠂ ᠭᠦᠶᠦᠬᠦ ᠡᠷᠴᠢ ᠵᠣᠷᠢᠭ᠂ ᠵᠣᠷᠢᠭᠲᠠᠢ ᠲᠡᠮᠡᠴᠡᠬᠦ ᠪᠠᠶᠢᠳᠠᠯ ᠢᠶᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ | ᠤ ᠠᠵᠢᠯ ᠤᠨ ᠲᠣᠬᠢᠷᠠᠭᠤᠯᠤᠯᠲᠠ ᠶᠢ ᠲᠤᠤᠱᠯᠠᠭᠤᠯᠬᠤ ᠬᠡᠷᠡᠭᠵᠢᠭᠦᠯᠦᠭᠴᠢ᠂ ᠬᠦᠢᠴᠡᠳᠭᠡᠭᠴᠢ᠂ ᠪᠣᠳᠠᠲᠠᠢ ᠠᠵᠢᠯᠯᠠᠭᠴᠢ | ᠪᠣᠯᠬᠤ ᠬᠡᠷᠡᠭᠲᠡᠢ ᠭᠡᠵᠡᠢ᠃ |