11 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠦᠬᠠᠢ ᠳᠠᠬᠢ ᠬᠤᠪᠢᠶᠠᠷᠢ ᠺᠣᠮᠫᠠᠨᠢ ᠶᠢᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠲᠤᠰ ᠺᠣᠮᠫᠠᠨᠢ ᠶᠢ | ᠥᠪᠥᠷ ᠮᠣᠩᠭᠤᠯ ᠤᠨ ᠲᠡᠭᠡᠲᠤ ᠬᠤᠷᠳᠣᠴᠠᠲᠤ ᠵᠠᠰᠠᠮᠠᠯ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠦᠬᠠᠢ ᠳᠠᠬᠢ ᠬᠤᠪᠢᠶᠠᠷᠢ ᠺᠣᠮᠫᠠᠨᠢ ᠪᠣᠯᠣᠨ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ | ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠪᠠᠶᠠᠨᠨᠠᠭᠤᠷ ᠳᠠᠬᠢ | ᠬᠤᠪᠢᠶᠠᠷᠢ ᠺᠣᠮᠫᠠᠨᠢ ᠶᠢᠨ ᠦᠬᠠᠢ ᠣᠷᠣᠨ ᠢ ᠨᠡᠶᠢᠳᠬᠡᠵᠦ ᠳᠠᠬᠢᠨ ᠪᠠᠶᠢᠭᠤᠯᠤᠭᠰᠠᠨ ᠶᠤᠮ᠃ ᠨᠡᠶᠢᠳᠬᠡᠵᠦ ᠳᠠᠬᠢᠨ | ᠪᠠᠶᠢᠭᠤᠯᠤᠭᠰᠠᠨ ᠤ ᠳᠠᠷᠠᠭ᠎ᠠ᠂ ᠭᠤᠣᠯᠳᠠᠭᠤ ᠬᠠᠷᠢᠶ᠎ᠠ ᠵᠠᠰᠠᠮᠠᠯ ᠵᠠᠮ ᠤᠨ ᠨᠡᠪᠲᠡᠷᠡᠬᠦ ᠰᠦᠢᠳᠬᠡᠯ ᠬᠤᠷᠢᠶᠠᠬᠤ᠂ ᠵᠠᠮ | ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ᠂ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠶᠢᠨ ᠬᠢᠨᠠᠯᠲᠠ | ᠬᠠᠮᠢᠶᠠᠷᠤᠯᠲᠠ᠂ ᠮᠠᠰᠢᠨ ᠴᠠᠬᠢᠯᠭᠠᠨ ᠤ ᠲᠥᠬᠦᠭᠡᠷᠦᠮᠵᠢ ᠶᠢᠨ ᠬᠠᠮᠠᠭᠠᠯᠠᠯᠲᠠ᠂ ᠦᠢᠯᠡᠴᠢᠯᠡᠭᠡᠨ ᠤ ᠲᠣᠭᠤᠷᠢᠭ ᠤᠨ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠣᠳᠣᠬᠠᠨ ᠳᠤ᠂ ᠲᠣᠰ ᠺᠣᠮᠫᠠᠨᠢ ᠶᠢᠨ ᠠᠵᠢᠯᠲᠠᠨ ᠨᠡᠶᠢᠲᠡ 691 | ᠬᠥᠮᠥᠨ᠂ ᠡᠵᠡᠩᠨᠡᠵᠦ ᠪᠠᠶᠢᠭ᠎ᠠ ᠵᠠᠰᠠᠮᠠᠯ ᠵᠠᠮ ᠤᠨ ᠪᠥᠬᠦ ᠣᠷᠳᠣ ᠨᠢ 293.994 ᠺᠢᠯᠣᠮᠧᠲᠷ᠂ ᠡᠭᠦᠨ ᠳᠤ ᠲᠡᠭᠡᠲᠤ | ᠬᠤᠷᠳᠤᠴᠠᠲᠤ ᠵᠠᠰᠠᠮᠠᠯ ᠵᠠᠮ 175.185 ᠺᠢᠯᠣᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ 43.549 ᠺᠢᠯᠣᠮᠧᠲᠷ᠂ | ᠬᠤᠶᠠᠳᠤᠭᠠᠷ ᠳᠡᠰ ᠤᠨ ᠵᠠᠰᠠᠮᠠᠯ ᠵᠠᠮ 74.35 ᠺᠢᠯᠣᠮᠧᠲᠷ᠂ ᠭᠤᠷᠪᠠᠳᠤᠭᠠᠷ ᠳᠡᠰ ᠤᠨ ᠵᠠᠰᠠᠮᠠᠯ ᠵᠠᠮ 0.91 | ᠺᠢᠯᠣᠮᠧᠲᠷ ᠪᠠᠶᠢᠵᠤ᠂ ᠴᠥᠮ ᠥᠪᠡᠷᠲᠡᠭᠡᠨ ᠵᠠᠰᠠᠬᠤ ᠣᠷᠣᠨ ᠪᠤᠯᠤᠨ ᠨᠢᠩᠰᠢᠶᠠ ᠣᠷᠣᠨ ᠢ ᠬᠤᠯᠪᠣᠭᠰᠠᠨ ᠴᠢᠬᠤᠯᠠ | ᠨᠡᠪᠲᠡᠷᠡᠬᠦ ᠵᠠᠮ ᠪᠣᠯᠣᠨ᠎ᠠ᠃ | ᠳᠠᠷᠠᠭᠠᠴᠢ ᠶᠢᠨ ᠠᠯᠬᠤᠮ ᠳᠤ᠂ ᠲᠤᠰ ᠺᠣᠮᠫᠠᠨᠢ ︽ᠨᠢᠭᠡ ᠴᠣᠭᠴᠨ ᠬᠤᠶᠠᠷ ᠵᠢᠭᠦᠷ ᠭᠤᠷᠪᠠᠨ ᠲᠤᠯᠭᠠᠭᠤᠷᠢᠯᠠᠯ︾ | ᠤᠨ ᠠᠵᠤ ᠦᠢᠯᠡᠰ ᠤᠨ ᠰᠢᠨ᠎ᠡ ᠪᠠᠶᠢᠷᠢᠰᠢᠯ ᠪᠣᠯᠣᠨ ︽ᠵᠢᠯ ᠵᠢᠯ ᠰᠢᠨ᠎ᠡ ᠳᠡᠭᠲᠡᠷ ᠲᠤ ᠭᠠᠷᠴᠤ᠂ ᠭᠤᠷᠪᠠᠨ ᠵᠢᠯ ᠳᠤ | ᠳᠤᠮᠳᠠ ᠲᠦᠪᠰᠢᠨ ᠳᠤ ᠣᠷᠣᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ︽ᠵᠠᠮ | ᠬᠠᠷᠢᠯᠴᠠᠭ᠎ᠠ+︾ ᠶᠢᠨ ᠵᠠᠭᠪᠤᠷ ᠪᠣᠯᠣᠨ ᠠᠵᠤ ᠦᠢᠯᠡᠰ᠂ ᠵᠢᠭᠤᠯᠴᠢᠯᠠᠯ᠂ ᠰᠣᠶᠣᠯ ᠵᠡᠷᠭᠡ ᠬᠦᠷᠢᠶᠡᠨ ᠤ ᠭᠦᠨᠵᠡᠭᠡᠢ | ᠠᠭᠤᠰᠤᠯᠴᠠᠯ ᠢ ᠠᠬᠢᠭᠤᠯᠵᠤ᠂ ᠦᠬᠠᠢ ᠶᠢᠨ ᠵᠠᠮ ᠬᠠᠷᠢᠯᠴᠠᠭᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦ ᠨᠡᠮᠡᠷᠢᠯᠡᠨ᠎ᠡ᠃ | |