ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ︵ᠬᠠᠷᠢᠯᠴᠠᠬᠤ ᠥᠷᠲᠡᠭᠡ︶ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2023/11/22
     11 ᠰᠠᠷ᠎ᠠ ᠶᠢᠨ 15 ᠤ ᠡᠳᠦᠷ᠂ 16 ᠤ ᠡᠳᠦᠷ᠂ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠸ ᠪᠥᠯᠬᠦᠮ ᠳᠠᠭᠠᠭᠤᠯᠤᠨ ᠭᠤᠷᠪᠠᠨ ᠲᠣᠭᠤᠷᠢᠭ ᠲᠤ ᠬᠦᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ︵ᠬᠠᠷᠢᠯᠴᠠᠬᠤ ᠥᠷᠲᠡᠭᠡ︶ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠵᠢᠢ ᠭᠤᠸ ᠵᠢᠴᠢ ᠨᠠᠷᠢᠨ ᠪᠢᠴᠢᠭ ᠤᠨ ᠳᠠᠷᠤᠭ᠎ᠠ ᠽᠦᠸᠧ ᠶᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠹᠧᠩ ᠰᠢᠤᠸᠠᠢ ᠲᠤᠤ ᠨᠠᠷ ᠤᠷᠢᠳ ᠬᠤᠵᠢᠳ ᠤᠳᠠ ᠲᠣᠭᠤᠷᠢᠭ ᠤᠨ ᠪᠠᠶᠠᠨᠰᠠᠶᠢᠨ ᠵᠡᠭᠡᠯᠢ ᠭᠤᠲᠤᠮᠵᠢ ᠵᠡᠭᠡᠯᠢ᠂ ᠯᠢᠶᠠᠩ ᠵᠢᠶᠠ ᠭᠧᠦ ᠵᠡᠭᠡᠯᠢ ᠭᠤᠳᠤᠮᠵᠢ᠂ ᠬᠠᠢ ᠨᠠᠨ ᠲᠣᠭᠤᠷᠢᠭ ᠤᠨ ᠿᠦᠩ ᠰᠢᠨ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠷᠠᠰᠢᠵᠦᠩ ᠵᠡᠭᠡᠯᠢ ᠭᠤᠳᠤᠮᠵᠢ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ᠂ ᠰᠢᠨᠬᠤᠸᠠ ᠪᠠᠷᠠᠭᠤᠨ ᠵᠡᠭᠡᠯᠢ ᠭᠤᠳᠤᠮᠵᠢ᠂ ᠲᠣᠭᠤᠷᠢᠭ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠵᠡᠷᠭᠡ ᠭᠠᠵᠠᠷ ᠲᠤ ᠭᠦᠨᠵᠡᠭᠡᠶᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ︵ᠬᠠᠷᠢᠯᠴᠠᠬᠤ ᠦᠷᠳᠡᠭᠡ︶ ᠶᠢᠨ ᠳᠦᠷᠢᠮ ᠤᠨ ᠪᠠᠶᠢᠭᠤᠯᠤᠯᠲᠠ᠂ ᠬᠠᠮᠢᠶᠠᠷᠤᠯᠲᠠ ᠠᠵᠢᠯᠯᠠᠭ᠎ᠠ᠂ ᠦᠢᠯᠡᠳᠦᠯ ᠢᠶᠠᠨ ᠪᠠᠳᠠᠷᠠᠭᠤᠯᠤᠭᠰᠠᠨ᠂ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠭᠰᠠᠨ ᠪᠥᠭᠡᠳ ᠲᠥᠯᠥᠭᠡᠯᠡᠭᠴᠢ ᠶᠢᠨ ︽ᠭᠡᠷ ᠪᠦᠯᠢ ︵ᠦᠷᠳᠡᠭᠡ︶︾ ᠶᠢᠨ ᠴᠢᠳᠠᠪᠬᠢ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠤᠨ ᠲᠣᠭᠤᠷᠢᠨ ᠳᠤ ᠬᠤᠯᠪᠤᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃      ᠹᠧᠩ ᠰᠢᠤᠸᠠᠢ ᠲᠤᠤ ᠬᠡᠯᠡᠭᠰᠡᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠠᠨ ᠲᠦᠮᠡᠨ ᠯᠦᠭᠡ ᠶᠢᠨ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠡᠷ ᠪᠦᠯᠢ ︵ᠬᠠᠷᠢᠯᠴᠠᠬᠤ ᠦᠷᠳᠡᠭᠡ︶ ᠶᠢ ᠪᠠᠷᠢᠮᠵᠢᠶᠠᠵᠢᠭᠤᠯᠤᠨ ᠪᠠᠶᠢᠭᠤᠯᠬᠤ᠂ ᠪᠠᠶᠢᠩᠭᠤᠵᠢᠭᠤᠯᠤᠨ ᠬᠡᠷᠡᠭᠯᠡᠬᠦ ᠪᠠ ᠵᠢᠷᠤᠮᠵᠢᠭᠤᠯᠤᠨ ᠬᠠᠮᠢᠶᠠᠷᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠲᠥᠯᠥᠭᠡᠯᠡᠭᠴᠢᠳ ᠤᠨ ᠭᠡᠷ ᠪᠦᠯᠢ ︵ᠬᠠᠷᠢᠯᠴᠠᠬᠤ ᠦᠷᠳᠡᠭᠡ︶ ᠳᠤ ᠣᠷᠣᠭᠤᠯᠬᠤ ᠠᠵᠢᠯᠯᠠᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ᠲᠡᠳᠡᠨ ᠢ ᠦᠨᠡᠨ ᠬᠦ ᠲᠥᠯᠥᠭᠡᠯᠡᠭᠴᠢᠳ ᠤᠨ ᠬᠥᠭᠵᠢᠯᠲᠡ ᠶᠢ ᠲᠦᠯᠬᠢᠨ ᠠᠬᠢᠭᠤᠯᠬᠤ ᠲᠠᠪᠴᠠᠩ᠂ ᠠᠷᠠᠳ ᠤᠨ ᠰᠠᠨᠠᠭ᠎ᠠ ᠶᠢ ᠴᠤᠭᠯᠠᠭᠤᠯᠬᠤ ᠲᠠᠪᠴᠠᠩ ᠪᠣᠯᠭᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡ ᠪᠣᠯᠭᠠᠬᠤ ᠬᠡᠷᠡᠭᠳᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠳᠡᠷᠭᠡᠳᠡ ᠪᠠᠶᠢᠭᠤᠯᠤᠭᠰᠠᠨ ᠲᠥᠯᠥᠭᠡᠯᠡᠭᠴᠢᠳ ᠤᠨ ᠵᠢᠭᠰᠠᠭᠠᠯ ᠤᠨ ᠭᠠᠵᠠᠷ ᠢ ᠦᠨᠡᠨᠬᠦ ᠰᠠᠶᠢᠲᠤᠷ ᠠᠰᠢᠭᠯᠠᠵᠤ᠂ ᠤᠯᠠᠨ ᠲᠦᠮᠡᠨ ᠤ ᠲᠥᠯᠥᠭᠡᠯᠡᠭᠴᠢᠳ ᠲᠠᠢ ᠬᠠᠷᠢᠯᠴᠠᠬᠤ ᠦᠷᠳᠡᠭᠡ ᠶᠢᠨ ᠲᠤᠬᠠᠢ ᠣᠶᠢᠯᠠᠭᠠᠬᠤ ᠨᠤᠷᠮ᠎ᠠ᠂ ᠮᠡᠳᠡᠷᠡᠬᠦ ᠬᠡᠮᠵᠢᠶ᠎ᠡ ᠶᠢ  ᠨᠢ ᠳᠡᠭᠡᠭᠰᠢᠯᠡᠭᠦᠯᠵᠦ᠂ ︽ᠭᠡᠷ ᠪᠦᠯᠢ ︵ᠦᠷᠳᠡᠭᠡ︶︾ ᠶᠢᠨ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ᠭᠤᠣᠯ ᠠᠷᠭ᠎ᠠ ᠵᠠᠮ ᠤᠨ ᠦᠢᠯᠡᠳᠦᠯ ᠢ ᠨᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map