ᠦᠬᠠᠢ ᠶᠢᠨ ᠤᠯᠠᠭᠠᠨᠮᠥ᠋ᠴᠢᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2023/11/27
     11 ᠰᠠᠷ᠎ᠠ ᠶᠢᠨ 21 ᠤ ᠡᠳᠦᠷ᠂ ᠦᠬᠠᠢ‌‍ᠶᠢᠨ ᠤᠯᠠᠭᠠᠨᠮᠥ᠋ᠴᠢᠷ‌‍ᠦᠨ ᠬᠢᠨ ᠢ ᠾᠧ ᠨᠠᠰᠤᠲᠠᠶᠢᠴᠤᠳ ᠤᠨ ᠨᠡᠶᠢᠲᠡ‌‍ᠶᠢᠨ ᠪᠠᠶᠢᠷᠢ ᠳᠤ ᠬᠦᠷᠴᠦ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠪᠠ᠃      ᠤᠯᠠᠭᠠᠨᠮᠥ᠋ᠴᠢᠷ ᠤᠨ ᠭᠡᠰᠢᠭᠦᠳ ᠲᠠᠭᠤᠤ ︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠤᠨ ᠬᠢᠨ ᠮᠡᠲᠤ ᠲᠤᠳᠤᠨᠤ︾ ︽ᠮᠠᠯᠴᠢᠨ ᠲᠦᠮᠡᠨ ᠡᠪ ᠬᠠᠮᠲᠤ ᠨᠠᠮ ᠢᠶᠠᠨ ᠳᠠᠭᠤᠯᠠᠶ᠎ᠠ︾ ᠵᠢᠴᠢ ᠲᠠᠭᠤᠲᠤ ᠪᠦᠵᠢᠭ ︽ᠪᠤᠴᠠᠵᠤ ᠢᠷᠡᠭᠰᠡᠨ ᠨᠢ︾᠂ ᠪᠦᠵᠢᠭ ︽ᠥᠨᠢ ᠡᠭᠦᠷᠢᠳᠡ ᠶᠢᠨ ᠤᠯᠠᠭᠠᠨᠮᠥ᠋ᠴᠢᠷ︾ ᠵᠡᠷᠭᠡ ᠳᠠᠭᠤᠤ ᠪᠥᠵᠢᠭ ᠲᠤᠭᠯᠠᠪᠠ᠃ ᠲᠡᠳᠡ ᠭᠦᠨ ᠰᠡᠳᠬᠢᠯᠭᠡ ᠶᠢᠨ ᠳᠠᠭᠤᠤ᠂ ᠬᠠᠯᠠᠭᠤᠨ ᠰᠡᠳᠬᠢᠯᠭᠡ ᠶᠢᠨ ᠪᠥᠵᠢᠭ ᠢᠶᠠᠷ ᠨᠠᠰᠤᠲᠠᠶᠢᠴᠤᠳ ᠲᠤ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠲᠤᠬᠠᠢ ᠶᠢᠨ ᠲᠠᠯᠠᠪᠠᠶ ᠳᠤ ᠡᠶ᠎ᠡ ᠵᠣᠬᠢᠴᠠᠯ ᠲᠠᠢ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠪᠡ᠃      ᠦᠬᠠᠢ ᠶᠢᠨ ᠤᠯᠠᠭᠠᠨᠮᠥ᠋ᠴᠢᠷ ᠤᠨ ᠬᠥᠭᠵᠢᠮ ᠤᠨ ᠠᠩᠭᠢ ᠶᠢᠨ ᠳᠡᠳ᠋ ᠳᠠᠷᠤᠭ᠎ᠠ ᠮᠠ ᠿᠦᠢ ᠶᠢᠩ᠄ ︽ᠪᠢᠳᠡ ᠤᠮᠠᠷᠠᠲᠤ ᠶᠢᠨ ᠰᠣᠶᠣᠯ᠂ ᠬᠠᠳᠤᠨ ᠭᠤᠣᠯ ᠤᠨ ᠰᠣᠶᠣᠯ ᠢᠶᠠᠷ ᠭᠤᠣᠯ ᠰᠡᠳᠦᠪ ᠪᠣᠯᠭᠠᠵᠤ᠂ ᠦᠷᠭᠦᠯᠵᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠮᠢᠳᠤᠷᠠᠯ ᠳᠤ ᠨᠡᠩ ᠣᠶᠢᠷᠠᠲᠤᠭᠰᠠᠨ᠂ ᠠᠷᠠᠳ ᠤᠯᠠᠨ ᠳᠤ ᠨᠡᠩ ᠣᠶᠢᠷᠠᠲᠤᠭᠰᠠᠨ᠂ ᠤᠯᠠᠨ ᠤ ᠪᠠᠭ᠋ᠠᠷᠬᠠᠯ ᠢ ᠲᠠᠲᠠᠭᠰᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠨᠡᠩ ᠤᠯᠠᠨ ᠪᠠᠶᠠᠷ ᠪᠠᠶᠠᠰᠤᠯ ᠢ ᠠᠷᠠᠳ ᠤᠯᠠᠨ ᠤ ᠳᠡᠷᠭᠡᠳᠡ ᠬᠦᠷᠭᠡᠨ᠎ᠡ︾ ᠭᠡᠵᠦ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map