ᠪᠦᠬᠦ ᠬᠤᠲᠠ ᠶᠢᠨ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠶ᠎ᠠ︾ ᠬᠡᠬᠦ ᠤᠬᠠᠭᠤᠯᠤᠨ ᠲᠠᠶᠢᠯᠪᠤᠷᠢᠯᠠᠬᠤ ᠭᠤᠣᠯᠯᠠᠭᠴᠢ ᠬᠦᠴᠦᠨ ᠤ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/27
     11 ᠰᠠᠷ᠎ᠠ‌‍ᠶᠢᠨ 21 ᠤ ᠡᠳᠦᠷ᠂ ᠦᠬᠠᠢ‌‍ᠶᠢᠨ ᠤᠯᠠᠭᠠᠨᠮᠥ᠋ᠴᠢᠷ ᠤᠨ ᠬᠢᠨ ᠢ ᠾᠧ ᠨᠠᠰᠤᠲᠠᠶᠢᠴᠤᠳ ᠤᠨ ᠨᠡᠶᠢᠲᠡ‌‍ᠶᠢᠨ ᠪᠠᠶᠢᠷᠢ ᠳᠤ ᠬᠦᠷᠴᠦ ᠦᠨᠳᠦᠰᠦᠨ ᠱᠠᠲᠤᠨ‌‍ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠪᠠ᠃      ᠤᠯᠠᠭᠠᠨᠮᠥ᠋ᠴᠢᠷ ᠤᠨ ᠭᠡᠰᠢᠭᠦᠳ ᠲᠠᠭᠤᠤ ︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠤᠨ ᠬᠢᠨ ᠮᠡᠲᠤ ᠲᠤᠳᠤᠨᠤ︾ ︽ᠮᠠᠯᠴᠢᠨ ᠲᠦᠮᠡᠨ ᠡᠪ ᠬᠠᠮᠲᠤ ᠨᠠᠮ ᠢᠶᠠᠨ ᠳᠠᠭᠤᠯᠠᠶ᠎ᠠ︾ ᠵᠢᠴᠢ ᠲᠠᠭᠤᠲᠤ ᠪᠦᠵᠢᠭ ︽ᠪᠤᠴᠠᠵᠤ ᠢᠷᠡᠭᠰᠡᠨ ᠨᠢ︾᠂ ᠪᠦᠵᠢᠭ ︽ᠥᠨᠢ ᠡᠭᠦᠷᠢᠳᠡ ᠶᠢᠨ ᠤᠯᠠᠭᠠᠨᠮᠥ᠋ᠴᠢᠷ︾ ᠵᠡᠷᠭᠡ ᠳᠠᠭᠤᠤ ᠪᠥᠵᠢᠭ ᠲᠤᠭᠯᠠᠪᠠ᠃ ᠲᠡᠳᠡ ᠭᠦᠨ ᠰᠡᠳᠬᠢᠯᠭᠡ ᠶᠢᠨ ᠳᠠᠭᠤᠤ᠂ ᠬᠠᠯᠠᠭᠤᠨ ᠰᠡᠳᠬᠢᠯᠭᠡ ᠶᠢᠨ ᠪᠥᠵᠢᠭ ᠢᠶᠠᠷ ᠨᠠᠰᠤᠲᠠᠶᠢᠴᠤᠳ ᠲᠤ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠲᠤᠬᠠᠢ ᠶᠢᠨ ᠲᠠᠯᠠᠪᠠᠶ ᠳᠤ ᠡᠶ᠎ᠡ ᠵᠣᠬᠢᠴᠠᠯ ᠲᠠᠢ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠪᠡ᠃      ᠦᠬᠠᠢ ᠶᠢᠨ ᠤᠯᠠᠭᠠᠨᠮᠥ᠋ᠴᠢᠷ ᠤᠨ ᠬᠥᠭᠵᠢᠮ ᠤᠨ ᠠᠩᠭᠢ ᠶᠢᠨ ᠳᠡᠳ᠋ ᠳᠠᠷᠤᠭ᠎ᠠ ᠮᠠ ᠿᠦᠢ ᠶᠢᠩ᠄ ︽ᠪᠢᠳᠡ ᠤᠮᠠᠷᠠᠲᠤ ᠶᠢᠨ ᠰᠣᠶᠣᠯ᠂ ᠬᠠᠳᠤᠨ ᠭᠤᠣᠯ ᠤᠨ ᠰᠣᠶᠣᠯ ᠢᠶᠠᠷ ᠭᠤᠣᠯ ᠰᠡᠳᠦᠪ ᠪᠣᠯᠭᠠᠵᠤ᠂ ᠦᠷᠭᠦᠯᠵᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠮᠢᠳᠤᠷᠠᠯ ᠳᠤ ᠨᠡᠩ ᠣᠶᠢᠷᠠᠲᠤᠭᠰᠠᠨ᠂ ᠠᠷᠠᠳ ᠤᠯᠠᠨ ᠳᠤ ᠨᠡᠩ ᠣᠶᠢᠷᠠᠲᠤᠭᠰᠠᠨ᠂ ᠤᠯᠠᠨ ᠤ ᠪᠠᠭ᠋ᠠᠷᠬᠠᠯ ᠢ ᠲᠠᠲᠠᠭᠰᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠨᠡᠩ ᠤᠯᠠᠨ ᠪᠠᠶᠠᠷ ᠪᠠᠶᠠᠰᠤᠯ ᠢ ᠠᠷᠠᠳ ᠤᠯᠠᠨ ᠤ ᠳᠡᠷᠭᠡᠳᠡ ᠬᠦᠷᠭᠡᠨ᠎ᠡ︾ ᠭᠡᠵᠦ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map