11 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ︵ᠭᠤᠷᠪᠠᠳᠤᠭᠠᠷ ᠬᠤᠭᠤᠴᠠᠭ᠎ᠠ︶ ᠵᠢᠴᠢ | ᠬᠤᠳᠠ ᠶᠢᠨ ᠨᠠᠮ ᠤᠨ ᠬᠤᠷᠢᠶᠠᠨ ᠤᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2023 | ᠣᠨ ᠤ 14 ᠳ᠋ᠣᠭᠡᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ | ︽︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠳᠦᠪ ᠤᠨ | ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠸ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠸᠠᠩ ᠸᠧᠨ ᠵᠢᠶᠧ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠦᠨ ᠬᠤᠤ᠂ ᠬᠤᠤ ᠰᠢ ᠬᠤᠩ ᠵᠡᠷᠭᠡ 7 ᠨᠥᠬᠦᠷ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠪᠡ᠃ | ᠲᠠᠩ ᠢ ᠬᠡᠯᠡᠭᠰᠡᠨ ᠨᠢ᠂ ᠡᠨᠡ ᠵᠢᠯ ᠤᠨ 6 ᠰᠠᠷ᠎ᠠ ᠳᠤ᠂ ᠰᠢ ᠶᠢᠨ ᠫᠢᠩ ᠶᠡᠷᠦᠩᠬᠡᠢ ᠱᠦᠵᠢ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ | ᠱᠤᠭᠤᠮ ᠪᠣᠯᠣᠨ᠎ᠠ᠂ ᠮᠥᠨᠴᠦ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ | ᠪᠣᠯᠣᠨ᠎ᠠ ᠭᠡᠵᠦ ᠵᠢᠭᠠᠵᠤ ᠭᠠᠷᠭᠠᠪᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠴᠢᠷ ᠰᠢᠯᠲᠠᠭᠠᠨ ᠢ ᠨᠢ ᠲᠣᠳᠣᠷᠬᠠᠢ ᠪᠣᠯᠭᠠᠵᠤ᠂ ᠵᠣᠷᠢᠭ | ᠰᠠᠨᠠᠭᠠᠨ ᠤ ᠮᠥᠨ ᠴᠢᠨᠠᠷ ᠢ ᠨᠢ ᠣᠶᠢᠯᠠᠭᠠᠵᠤ᠂ ᠭᠤᠣᠯ ᠰᠢᠵᠢᠮ ᠢ ᠨᠢ ᠪᠦᠬᠦ ᠲᠠᠯ᠎ᠠ ᠪᠠᠷ ᠲᠤᠤᠱᠯᠠᠭᠤᠯᠬᠤ ᠮᠡᠳᠡᠷᠡᠮᠵᠢ | ᠪᠠ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ | ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠰᠢᠵᠢᠮ ᠯᠦᠭᠡ | ᠨᠢᠭᠲᠠ ᠤᠶᠠᠯᠳᠤᠭᠤᠯᠵᠤ᠂ ᠲᠡᠭᠦᠨ ᠠᠴᠠ ᠥᠴᠥᠬᠡᠨ ᠴᠦ ᠵᠠᠶᠢᠳᠠᠬᠤ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠡᠢ᠃ | ᠲᠠᠩ ᠢ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠤᠯᠤᠰ ᠲᠦᠷᠦ ᠶᠢᠨ ᠪᠠᠲᠤᠯᠠᠭ᠎ᠠ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠠᠵᠢᠯ ᠤᠨ ᠭᠤᠣᠯ ᠱᠤᠭᠤᠮ ᠤᠨ ᠲᠣᠭᠤᠷᠢᠨ ᠳᠤ ᠺᠠᠳ᠋ᠷ ᠤᠨ ᠡᠩᠨᠡᠭᠡᠨ ᠤ ᠬᠥᠮᠦᠵᠢᠯ ᠪᠣᠯᠪᠠᠰᠤᠷᠠᠯ ᠢᠶᠠᠨ | ᠴᠢᠩᠭᠠᠳᠬᠠᠵᠤ᠂ ᠺᠠᠳ᠋ᠷ ᠢ ᠬᠢᠨᠠᠨ ᠰᠢᠯᠭᠠᠵᠤ ᠢᠯᠭᠠᠨ ᠲᠠᠨᠢᠬᠤ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃ | ᠬᠤᠶᠠᠷ ᠲᠤ᠂ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠨᠢᠭᠲᠠᠷᠠᠭᠤᠯᠬᠤ ᠶᠢ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ | ᠶᠡᠬᠡᠰᠬᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠤᠳᠠᠯ ᠢ ᠴᠢᠷᠮᠠᠶᠢᠨ ᠨᠥᠬᠦᠪᠦᠷᠢᠯᠡᠵᠦ᠂ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠵᠤ᠂ ᠨᠢᠳᠦᠨ ᠳᠤ ᠦᠵᠡᠭᠳᠡᠵᠦ ᠭᠠᠷ ᠲᠤ | ᠪᠠᠷᠢᠭᠳᠠᠮ᠎ᠠ ᠬᠥᠭᠵᠢᠯᠲᠡ ᠬᠤᠪᠢᠷᠠᠯᠲᠠ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠢᠶᠠᠨ | ᠨᠢᠭᠡᠳᠭᠡᠨ ᠬᠦᠴᠦᠨ ᠢᠶᠠᠨ ᠬᠠᠮᠲᠤᠳᠬᠠᠬᠤ ᠶᠢ ᠬᠥᠲᠥᠯᠥᠨ ᠳᠠᠭᠠᠭᠤᠯᠬᠤ ᠬᠡᠷᠡᠭᠳᠡᠢ᠃ ᠭᠤᠷᠪᠠ ᠳᠤ᠂ ᠦᠵᠡᠯ ᠰᠠᠨᠠᠭ᠎ᠠ | ᠰᠣᠶᠣᠯ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠳᠡᠢ᠃ | ︽ᠭᠤᠷᠪᠡᠨᠤᠮᠠᠷᠠᠲᠤ︾ ᠶᠢᠨ ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠯᠦᠭᠡ ᠤᠶᠠᠯᠳᠤᠭᠤᠯᠵᠤ᠂ ︽ᠲᠦᠮᠡᠨ ᠬᠥᠮᠥᠨ | ᠠᠭᠤᠯᠠᠨ ᠳᠤ ᠭᠠᠷᠴᠤ ᠨᠡᠭᠦᠷᠡᠰᠦ ᠮᠠᠯᠳᠠᠬᠤ ᠶᠡᠭᠡ ᠳᠠᠶᠢᠯᠠᠯᠳᠤᠭᠠᠨ︾ ︽ᠵᠢᠵᠢᠭ ᠭᠤᠷᠪᠠᠨ ᠱᠣᠭᠤᠮ ᠤᠨ ᠪᠦᠲᠦᠭᠡᠨ | ᠪᠠᠶᠢᠭᠤᠯᠤᠯᠲᠠ︾ ᠵᠡᠷᠭᠡ ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠬᠠᠮᠲᠤ ᠶᠠᠪᠤᠭᠰᠠᠨ︾ ︽ᠬᠠᠮᠲᠤ ᠢᠷᠡᠭᠰᠡᠨ︾ | ᠦᠬᠠᠢ ᠶᠢᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠢ | ᠨᠢᠭᠲᠠᠷᠠᠭᠤᠯᠵᠤ᠂ ᠤᠶᠤᠨ ᠰᠠᠨᠠᠭ᠎ᠠ ᠶᠢ ᠨᠢ ᠨᠢᠭᠲᠠᠷᠠᠭᠤᠯᠬᠤ ᠬᠡᠷᠡᠭᠳᠡᠢ᠃ |