11 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠳᠠ ᠳᠤ ᠶᠠᠪᠤᠭᠳᠠᠪᠠ᠃ ᠥᠪᠡᠷᠲᠡᠭᠡᠨ ᠵᠠᠰᠠᠬᠤ | ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠥᠪᠥᠷ ᠮᠣᠩᠭᠤᠯ ᠤᠨ ᠨᠠᠮ ᠤᠨ | ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠳᠡᠳ᠋ ᠵᠠᠬᠢᠷᠣᠯ ᠠᠨ ᠵᠢᠩ ᠽᠧ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ | ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠬᠤᠳᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠸᠠᠩ ᠸᠧᠨ ᠵᠢᠶᠧ | ᠨᠠᠷ ᠬᠤᠷᠠᠯ ᠳᠤ ᠣᠷᠣᠯᠴᠠᠵᠠᠢ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠠᠨ ᠵᠢᠩ ᠽᠧ ︽ᠨᠠᠮ ᠤᠨ ᠠᠴᠢ ᠶᠢ ᠬᠠᠷᠢᠭᠤᠯᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ᠂ ︽ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ | ᠣᠶᠢᠯᠠᠭᠠᠶ᠎ᠠ︾ ︽︿ᠰᠠᠨᠠᠯ﹀ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ᠪᠦᠬᠦ ᠲᠠᠯ᠎ᠠ ᠪᠠᠷ | ᠣᠨᠣᠪᠴᠢᠲᠠᠢ ᠡᠵᠡᠮᠰᠢᠶ᠎ᠡ︾ ︽ᠠᠴᠢ ᠬᠠᠷᠢᠭᠤᠯᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︿ᠰᠠᠨᠠᠯ﹀ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠶ᠎ᠠ︾ ᠬᠡᠬᠦ ᠭᠤᠷᠪᠠᠨ ᠲᠠᠯ᠎ᠠ ᠠᠴᠠ ᠪᠦᠬᠦ ᠲᠠᠯ᠎ᠠ ᠪᠠᠷ | ᠰᠢᠰᠲ᠋ᠧᠮ ᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠡ᠃ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ | ᠨᠢ ᠤᠨᠤᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ᠂ ᠮᠠᠰᠢ ᠴᠢᠩᠭ᠎ᠠ ᠤᠯᠤᠰ ᠲᠥᠷᠥᠴᠢ | ᠴᠢᠨᠠᠷ᠂ ᠣᠨᠣᠯᠴᠢ ᠴᠢᠨᠠᠷ᠂ ᠦᠢᠯᠡᠳᠦᠯᠭᠡᠲᠦ ᠴᠢᠨᠠᠷ ᠪᠠ ᠵᠢᠯᠤᠭᠤᠳᠬᠤ ᠴᠢᠨᠠᠷ ᠲᠠᠢ ᠪᠠᠶᠢᠵᠤ᠂ ᠪᠦᠬᠦ ᠬᠤᠳᠠ ᠪᠠᠷ ᠢᠶᠠᠨ | ︽ᠰᠠᠨᠠᠯ︾ ᠤᠨ ᠵᠣᠷᠢᠭ ᠰᠠᠨᠠᠭ᠎ᠠ ᠶᠢ ᠨᠡᠩ ᠣᠨᠣᠪᠴᠢᠲᠠᠢ ᠣᠶᠢᠯᠠᠭᠠᠨ ᠡᠵᠡᠮᠰᠢᠬᠦ ᠳᠤ ᠬᠠᠪᠰᠣᠷᠣᠮᠵᠢ ᠪᠤᠯᠵᠤ᠂ ︽ᠰᠠᠨᠠᠯ︾ | ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠨ ᠠᠬᠢᠭᠤᠯᠬᠤ ᠳᠤ ᠴᠢᠬᠤᠯᠠ | ᠵᠢᠯᠤᠭᠤᠳᠬᠤ ᠠᠴᠢ ᠬᠤᠯᠪᠣᠭᠳᠠᠯ ᠲᠠᠢ ᠶᠤᠮ᠃ | ᠲᠠᠩ ᠢ ᠬᠡᠯᠡᠭᠰᠡᠨ ᠨᠢ᠂ ᠣᠯᠠᠨ ᠢᠶᠠᠷ ᠢᠶᠠᠨ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ | ᠮᠡᠳᠡᠭᠦᠯᠦᠯᠲᠡ ᠪᠠᠷ ᠠᠵᠠ ᠲᠣᠬᠢᠶᠠᠯ ᠪᠣᠯᠭᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠯᠦᠭᠡ ᠨᠢᠭᠲᠠ | ᠤᠶᠠᠯᠳᠤᠭᠤᠯᠤᠨ᠃ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ | ᠲᠠᠭᠠᠶ᠎ᠠ︾ ᠭᠡᠬᠦ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠵᠤ᠂ ᠪᠥᠬᠦ ᠬᠤᠲᠠ ᠶᠢᠨ | ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ | ᠴᠢᠭᠯᠡᠯ ᠢᠶᠠᠷ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠵᠤ᠂ ᠦᠨᠡᠨ ᠪᠣᠳᠠᠲᠠᠢ ᠣᠪᠣᠷ ᠰᠤᠷᠲᠠᠯ ᠪᠠ ᠦᠶᠯᠡ | ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ | ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠳᠠᠬᠢ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠳᠠᠲᠤ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ | ᠨᠡᠪᠲᠡᠷᠡᠲᠡᠯ᠎ᠡ ᠣᠶᠢᠯᠠᠭᠠᠬᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠳᠡᠭᠡᠷ᠎ᠡ ᠬᠦᠴᠦ ᠲᠠᠯᠪᠢᠵᠤ᠂ ᠬᠦᠴᠢᠷ | ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠲᠦᠷᠭᠡᠳᠬᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ | ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠲᠠᠯ᠎ᠠ ᠪᠠᠷ ᠠᠵᠢᠯᠯᠠᠭ᠎ᠠ ᠠᠪᠴᠤ᠂ ︽ᠰᠠᠨᠠᠯ︾ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ | ᠨᠠᠶᠢᠳᠠᠪᠤᠷᠢᠵᠢᠭᠤᠯᠤᠯᠲᠠ ᠶᠢ ᠲᠤᠤᠱᠲᠠᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ | ᠳᠤᠮᠳᠠ ᠲᠤᠪᠰᠢᠨ ᠳᠤ ᠤᠷᠤᠬᠤ︾᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠭᠡᠵᠡᠢ᠃ | ᠮᠡᠳᠡᠭᠦᠯᠦᠯᠲᠡ ᠶᠢᠨ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠭᠤᠷᠪᠠᠨ ᠲᠣᠭᠤᠷᠢᠭ ᠲᠤ ᠬᠤᠪᠢᠶᠠᠷᠢ | ᠬᠤᠷᠠᠯ ᠤᠨ ᠲᠠᠯᠠᠪᠠᠢ ᠲᠤᠬᠢᠷᠠᠭᠤᠯᠪᠠ᠃ ᠬᠤᠷᠠᠯ ᠤᠨ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠪᠠᠰᠠ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠺᠠᠳ᠋ᠷ ᠤᠯᠠᠨ | ᠲᠦᠮᠡᠨ ᠲᠠᠢ ᠰᠠᠨᠠᠯ ᠢᠶᠠᠨ ᠰᠣᠯᠢᠯᠴᠠᠪᠠ᠃ |