11 ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ | ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ | ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2023 ᠣᠨ ᠤ 13 ᠳ᠋ᠤᠭᠠᠷ ᠣᠳᠠᠭᠠᠨ ᠤ | ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠭᠤᠣᠯ ᠰᠡᠳᠦᠪᠲᠦ ᠬᠥᠮᠦᠵᠢᠯ ᠤᠨ 4 ᠳ᠋ᠣᠭᠡᠷ ᠣᠳᠠᠭᠠᠨ ᠤ | ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ︾ | ᠰᠡᠳᠬᠦᠯ ᠳᠤ ᠨᠡᠶᠢᠲᠡᠯᠡᠭᠰᠡᠨ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠡᠳᠦᠨ | ᠴᠢᠬᠤᠯᠠ ᠶᠡᠭᠡ ᠬᠠᠷᠢᠴᠠᠭ᠎ᠠ ᠶᠢ ᠰᠢᠢᠳᠪᠦᠷᠢᠯᠡᠬᠦ ᠴᠢᠬᠤᠯᠠᠲᠠᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ | ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢ | ᠬᠠᠮᠲᠤ ᠪᠠᠷ ᠰᠤᠷᠤᠯᠴᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ︾ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠬᠦᠴᠦᠯᠡᠨ ᠰᠠᠶᠢᠲᠤᠷ ᠠᠳᠬᠤᠬᠤ ᠬᠡᠷᠡᠭᠳᠡᠢ︾ ᠬᠡᠬᠦ ᠪᠠᠷ ᠦᠨᠳᠦᠰᠦᠨ ᠵᠢᠷᠤᠮᠯᠠᠯ ᠪᠣᠯᠭᠠᠵᠤ᠂ ᠦᠵᠡᠰᠬᠦᠯᠡᠩᠲᠦ | ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ︽ᠳᠤᠯᠤᠭ᠎ᠠ ᠶᠢ ᠵᠠᠰᠠᠭᠰᠠᠨ︾ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠦᠨ | ᠭᠦᠨᠵᠡᠭᠡᠶᠢᠷᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠪᠠᠨ | ᠲᠠᠰᠤᠷᠠᠯᠲᠠ ᠦᠭᠡᠢ ᠴᠢᠩᠭᠠᠳᠬᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ | ᠬᠠᠮᠵᠢᠯᠴᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠪᠠᠨ ᠲᠦᠷᠭᠡᠳᠬᠡᠵᠦ᠂ ᠨᠡᠩ ᠪᠣᠳᠠᠲᠠᠢ | ᠠᠷᠭ᠎ᠠ ᠬᠡᠮᠵᠢᠶ᠎ᠡ᠂ ᠨᠡᠩ ᠶᠡᠭᠡ ᠡᠷᠴᠢᠮ᠂ ᠨᠡᠩ ᠥᠨᠳᠥᠷ ᠪᠠᠷᠢᠮᠵᠢᠶ᠎ᠠ ᠪᠠᠷ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢᠶᠠᠨ ᠲᠥᠯᠥᠪᠵᠢᠭᠦᠯᠦᠨ ᠠᠬᠢᠭᠤᠯᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠶᠢᠨ | ᠬᠦᠴᠦᠨ ᠢᠶᠠᠨ ᠨᠡᠮᠡᠷᠢᠯᠡᠬᠦ ᠬᠡᠷᠡᠭᠳᠡᠢ ᠬᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠢᠭᠤᠴᠠ ᠶᠢ ᠬᠠᠮᠠᠭᠠᠯᠠᠬᠤ | ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ | ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠨᠢᠭᠤᠴᠠ ᠶᠢ | ᠬᠠᠮᠠᠭᠠᠯᠠᠬᠤ ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠪᠠᠨ ᠪᠠᠲᠤᠳᠬᠠᠵᠤ᠂ | ᠨᠢᠭᠤᠴᠠ ᠶᠢ ᠬᠠᠮᠠᠭᠠᠯᠠᠬᠤ ᠬᠥᠮᠦᠵᠢᠯ ᠢᠶᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠴᠢᠳᠠᠪᠤᠷᠢ ᠪᠠᠨ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠢᠭᠤᠴᠠ ᠶᠢ ᠠᠯᠳᠠᠬᠤ᠂ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ | ᠡᠷᠡᠰ ᠬᠤᠷᠢᠭᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠶᠠᠭ | ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠬᠤ ᠲᠠᠢ | ᠤᠶᠠᠯᠳᠤᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠠᠨᠠᠯ︾ | ᠳᠤ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ ᠶᠢ ᠵᠦᠢᠯ ᠳᠠᠷᠠᠭᠠᠯᠠᠨ ᠰᠤᠳᠤᠯᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠭᠠᠷᠳᠠᠬᠤ ᠴᠢᠭ ᠪᠠ ᠬᠦᠴᠦᠯᠡᠬᠦ ᠴᠢᠭ ᠢᠶᠠᠨ ᠣᠨᠣᠪᠴᠢᠲᠠᠶ ᠡᠷᠢᠨ ᠣᠯᠵᠤ᠂ ᠡᠯ᠎ᠡ | ᠵᠦᠢᠯ ᠤᠨ ᠠᠵᠢᠯ ᠤᠨ ᠪᠠᠷᠢᠮᠵᠢᠶ᠎ᠠ᠂ ᠬᠤᠷᠳᠤᠴᠠ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ | ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠨᠠᠩ ᠰᠠᠶᠢᠲᠤᠷ ᠤᠯᠠᠷᠢᠭᠤᠯᠤᠨ ᠨᠠᠶᠢᠳᠠᠪᠤᠷᠢᠵᠢᠭᠤᠯᠵᠤ᠂ ᠦᠷ᠎ᠡ | ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠪᠣᠳᠠᠲᠠᠢ ᠠᠵᠢᠯ ᠤᠨ ᠦᠷ᠎ᠡ ᠪᠦᠲᠦᠭᠡᠯ ᠢᠶᠠᠷ ᠢᠶᠠᠨ ︽ᠰᠠᠨᠠᠯ︾ ᠢ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠪᠠᠨ ᠰᠢᠯᠭᠠᠨ ᠪᠠᠶᠢᠴᠠᠭᠠᠬᠤ ᠬᠡᠷᠡᠭᠳᠡᠢ ᠬᠡᠵᠡᠢ᠃ |