ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ S217 ᠱᠤᠭᠤᠮ ᠤᠨ ᠬᠠᠶᠢᠷᠤᠪ ᠤᠨ ᠲᠤᠬᠤᠢ ᠶᠢᠨ ᠬᠤᠲᠠ ᠶᠢ ᠲᠣᠭᠤᠷᠢᠭᠰᠠᠨ ᠬᠡᠰᠡᠭ ᠤᠨ | ᠭᠤᠷᠪᠠᠳᠤᠭᠠᠷ ᠦᠢᠯᠡᠳᠪᠦᠷᠢ ᠶᠢᠨ ᠬᠠᠷᠢᠯᠴᠠᠨ ᠨᠡᠪᠲᠡᠷᠡᠬᠦ ᠵᠥᠷᠢᠯᠢᠭ ᠬᠦᠬᠦᠷᠭᠡ ᠶᠢ ᠨᠢᠭᠡᠨᠲᠡ ᠪᠠᠶᠢᠭᠤᠯᠵᠤ | ᠳᠠᠭᠤᠰᠬᠠᠭᠠᠳ᠂ ᠣᠶᠢᠷ᠎ᠠ ᠶᠢᠨ ᠬᠤᠭᠤᠴᠠᠭᠠᠨ ᠳᠤ ᠵᠢᠩᠬᠢᠨᠢ ᠪᠠᠷ ᠲᠡᠷᠭᠡ ᠨᠡᠪᠲᠡᠷᠡᠬᠦ ᠪᠠᠷ ᠪᠠᠶᠢᠨ᠎ᠠ᠃ | ᠲᠤᠰ ᠬᠠᠷᠢᠯᠴᠠᠨ ᠨᠡᠪᠲᠡᠷᠡᠯᠴᠡᠭᠰᠡᠨ ᠵᠥᠷᠢᠯᠢᠭ ᠬᠦᠬᠦᠷᠭᠡ ᠨᠢ ᠬᠠᠶᠢᠷᠤᠪ ᠤᠨ ᠲᠤᠬᠤᠢ ᠶᠢᠨ ᠬᠤᠲᠠ ᠶᠢᠨ | ᠲᠤᠭᠤᠷᠢᠭ ᠤᠨ ᠵᠡᠭᠦᠨ ᠡᠮᠦᠨ᠎ᠡ ᠲᠠᠯ᠎ᠠ ᠳᠤ ᠪᠠᠶᠢᠷᠢᠯᠠᠵᠤ᠂ ᠮᠠᠨ ᠤ ᠬᠤᠲᠠ ᠶᠢᠨ ᠲᠡᠦᠬᠡᠨ ᠳᠡᠭᠡᠷᠡᠬᠢ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠬᠠᠷᠢᠯᠴᠠᠨ ᠨᠡᠪᠲᠡᠷᠡᠬᠦ ᠵᠥᠷᠢᠯᠢᠭ ᠬᠦᠬᠦᠷᠭᠡ | ᠪᠣᠯᠣᠨ᠎ᠠ᠃ ᠬᠠᠷᠢᠯᠴᠠᠨ ᠨᠡᠪᠲᠡᠷᠡᠬᠦ ᠵᠥᠷᠢᠯᠢᠭ ᠬᠦᠬᠦᠷᠭᠡ ᠳᠤ 10 ᠬᠦᠬᠦᠷᠭᠡ ᠰᠢᠨ᠎ᠡ ᠪᠠᠷ ᠪᠠᠶᠢᠭᠤᠯᠵᠤ᠂ 1 | ᠬᠥᠭᠦᠷᠭᠡ ᠶᠢ ᠠᠰᠢᠭᠯᠠᠨ᠂ ᠨᠡᠶᠢᠲᠡ 11 ᠬᠤᠯᠪᠤᠯᠳᠠ ᠵᠠᠮ ᠭᠠᠷᠭᠠᠵᠤ᠂ ᠪᠥᠬᠦ ᠣᠷᠳᠣ ᠨᠢ 9247.429 ᠮᠧᠲᠷ | ᠪᠣᠯᠣᠨ᠎ᠠ᠃ ᠲᠣᠰ ᠬᠠᠷᠢᠯᠴᠠᠨ ᠨᠡᠪᠲᠡᠷᠡᠬᠦ ᠵᠥᠷᠢᠯᠢᠭ ᠬᠦᠬᠦᠷᠭᠡ ᠨᠢ S217 ᠱᠤᠭᠤᠮ᠂ ᠰᠢᠶᠠᠩ ᠤᠨ ᠵᠠᠮ ᠤᠨ | Y004᠂ S318 ᠱᠤᠭᠤᠮ ᠢ ᠬᠠᠷᠢᠯᠴᠠᠨ ᠨᠡᠪᠳᠡᠷᠡᠭᠦᠯᠵᠦ᠂ ᠬᠠᠶᠢᠷᠤᠪ ᠤᠨ ᠲᠤᠬᠤᠢ ᠲᠤᠭᠤᠷᠢᠭ᠂ ᠤᠳᠠ ᠲᠤᠭᠤᠷᠢᠭ᠂ | ᠬᠠᠶᠢᠨᠠᠨ ᠲᠤᠭᠤᠷᠢᠭ᠂ ᠪᠡᠭᠡᠵᠢᠩ ᠠᠴᠠ ᠲᠥᠪᠡᠳ ᠬᠦᠷᠬᠦ ᠲᠡᠭᠡᠲᠤ ᠬᠤᠷᠳᠣᠴᠠᠲᠤ ᠵᠠᠰᠠᠮᠠᠯ ᠵᠠᠮ ᠤᠨ ᠬᠠᠶᠢᠷᠤᠪ ᠤᠨ | ᠲᠤᠬᠤᠢ ᠶᠢᠨ ᠰᠦᠢᠳᠬᠡᠯ ᠬᠤᠷᠢᠶᠠᠬᠤ ᠥᠷᠲᠡᠭᠡ᠂ ᠬᠠᠢ ᠯᠠ ᠵᠠᠮ ᠵᠡᠷᠭᠡ 5 ᠴᠢᠭᠯᠡᠯ ᠤᠨ ᠱᠣᠭᠤᠮ ᠢ ᠬᠤᠯᠪᠣᠬᠤ | ᠪᠣᠯᠣᠨ᠎ᠠ᠃ ᠲᠣᠰ ᠬᠠᠷᠢᠯᠴᠠᠨ ᠨᠡᠪᠲᠡᠷᠡᠬᠦ ᠵᠥᠷᠢᠯᠢᠭ ᠬᠦᠬᠦᠷᠭᠡ ᠲᠡᠷᠭᠡ ᠨᠡᠪᠲᠡᠷᠡᠭᠰᠡᠨ ᠤ ᠳᠠᠷᠠᠭ᠎ᠠ᠂ ᠬᠠᠶᠢᠷᠤᠪ ᠤᠨ | ᠲᠤᠬᠤᠢ ᠶᠢᠨ ᠬᠤᠲᠠ ᠶᠢᠨ ᠲᠣᠭᠤᠷᠢᠭ ᠢᠶᠠᠷ ᠣᠷᠣᠵᠤ ᠭᠠᠷᠬᠤ ᠵᠠᠮ ᠬᠠᠷᠢᠯᠴᠠᠭᠠᠨ ᠤ ᠳᠠᠷᠤᠯᠲᠠ ᠶᠢ ᠤᠯᠠᠮ ᠨᠢᠭᠡ | ᠠᠯᠬᠤᠮ ᠬᠥᠩᠭᠡᠷᠡᠭᠦᠯᠵᠦ᠂ ᠭᠤᠷᠪᠠᠨ ᠲᠣᠭᠤᠷᠢᠭ ᠤᠨ ᠨᠢᠰᠬᠡᠯ ᠤᠨ ᠪᠠᠭᠤᠳᠠᠯ ᠳᠤ ᠬᠦᠷᠴᠦ ᠢᠷᠡᠬᠦ ᠳᠤ ᠳᠥᠭᠦᠮ | ᠳᠥᠲᠡ ᠵᠠᠮ ᠬᠠᠩᠭᠠᠬᠤ ᠪᠣᠯᠣᠨ᠎ᠠ᠃ |