ᠲᠠᠩ ᠢ ᠪᠡᠭᠡᠵᠢᠩ ᠤᠨ ᠸᠧᠨᠵᠸᠤ ᠶᠢᠨ ᠶᠡᠷᠦᠩᠬᠡᠢ ᠬᠤᠳᠠᠯᠳᠣᠭᠠᠴᠢᠳ ᠤᠨ ᠬᠤᠯᠪᠤᠭᠠᠲᠤ ᠬᠤᠷᠠᠯ ᠤᠨ ᠳᠠᠷᠤᠭ᠎ᠠ᠂ ᠳ᠋ᠦᠸᠧ ᠹᠦ᠋ ᠤᠯᠠᠨ ᠤᠯᠤᠰ ᠤᠨ ᠬᠤᠪᠢ ᠡᠵᠡᠮᠳᠡᠭᠰᠡᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤ᠋ ᠰᠢᠩ ᠿᠦᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/12/20
     12 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠡᠭᠡᠵᠢᠩ ᠤᠨ ᠸᠧᠨᠵᠸᠤ ᠶᠢᠨ ᠶᠡᠷᠦᠩᠬᠡᠢ ᠬᠤᠳᠠᠯᠳᠣᠭᠠᠴᠢᠳ ᠤᠨ ᠬᠤᠯᠪᠤᠭᠠᠲᠤ ᠬᠤᠷᠠᠯ ᠤᠨ ᠳᠠᠷᠤᠭ᠎ᠠ᠂ ᠳ᠋ᠦᠸᠧ ᠹᠦ᠋ ᠤᠯᠠᠨ ᠤᠯᠤᠰ ᠤᠨ ᠬᠤᠪᠢ ᠡᠵᠡᠮᠳᠡᠭᠰᠡᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤ᠋ ᠰᠢᠩ ᠿᠦᠩ ᠨᠠᠷ ᠲᠠᠢ ᠠᠭᠤᠯᠵᠠᠪᠠ᠃ ᠬᠤᠳᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠯᠢ ᠴᠦᠨ ᠰᠢᠶᠣᠣ᠂ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠤᠪᠴᠢᠶᠠᠨ ᠤ ᠬᠠᠷᠢᠭᠤᠴᠠᠯᠭᠠᠲᠠᠨ ᠨᠥᠬᠦᠳ᠂ ᠳ᠋ᠦᠸᠧ ᠹᠦ᠋ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ ᠯᠢ ᠵᠢᠶᠠ ᠨᠠᠷ ᠠᠭᠤᠯᠵᠠᠯᠲᠠ ᠳᠤ ᠣᠷᠣᠯᠴᠠᠪᠠ᠃      ᠲᠠᠩ ᠢ ᠬᠤ᠋ ᠰᠢᠩ ᠿᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠬᠠᠢ ᠪᠣᠯ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠬᠤᠳᠠ ᠪᠣᠯᠣᠨ᠎ᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠵᠤᠵᠠᠭᠠᠨ᠂ ᠪᠤᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠴᠢᠳᠠᠪᠤᠷᠢ ᠲᠣᠪᠣᠶᠢᠮ᠎ᠠ ᠪᠠᠶᠢᠨ᠎ᠠ᠃ ᠣᠶᠢᠷ᠎ᠠ ᠶᠢᠨ ᠵᠢᠯ ᠠᠴᠠ ᠨᠠᠰᠢ᠂ ᠪᠢᠳᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠰᠠᠭᠤᠷᠢᠯᠠᠵᠤ᠂ ᠨᠢᠭᠡ ᠲᠠᠯ᠎ᠠ ᠪᠠᠷ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠶᠢ ᠠᠳᠬᠤᠵᠤ᠂ ᠨᠦᠬᠦᠭᠡ ᠲᠠᠯ᠎ᠠ ᠪᠠᠷ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠠᠳᠬᠤᠵᠤ᠂ ᠨᠡᠬᠦᠷᠡᠰᠦ ᠬᠡᠦᠷᠰᠢᠬᠦᠯᠬᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠬᠤᠯᠪᠣᠯᠳᠤᠨ ᠬᠥᠭᠵᠢᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠦᠨᠳᠦᠰᠦᠨ ᠳᠡᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠲᠦᠷᠭᠡᠨ ᠪᠠᠶᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠥᠷᠨᠢᠭᠦᠨ ᠬᠥᠭᠵᠢᠩᠭᠦᠢ ᠬᠥᠭᠵᠢᠭᠦᠯᠵᠦ᠂ ᠢᠷᠡᠭᠡᠳᠦᠢ ᠶᠢᠨ ᠲᠥᠯᠥᠪ ᠲᠠᠢ᠂ ᠠᠵᠠ ᠲᠣᠬᠢᠶᠠᠯ ᠢᠶᠠᠷ ᠪᠢᠯᠬᠠᠮ᠎ᠠ ᠪᠠᠶᠢᠨ᠎ᠠ᠃ ᠳ᠋ᠦᠸᠧ ᠹᠦ᠋ ᠪᠦᠯᠦᠭᠯᠡᠯ ᠤᠨ ᠬᠢᠨ ᠰᠢᠨ᠎ᠡ ᠡᠨᠧᠷᠭᠢ᠂ ᠣᠶᠤᠨᠴᠢ ᠦᠢᠯᠡᠳᠬᠡᠯ ᠵᠡᠷᠭᠡ ᠬᠦᠷᠢᠶᠡᠨ ᠳᠠᠬᠢ ᠲᠣᠪᠣᠶᠢᠮ᠎ᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠬᠠᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠮᠲᠤᠷᠠᠯᠴᠠᠭᠠᠨ ᠤ ᠴᠢᠭ ᠢ ᠡᠷᠢᠯᠬᠢᠯᠡᠵᠦ᠂ ᠦᠬᠠᠢ ᠲᠠᠢ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠢᠷᠡᠭᠡᠳᠦᠢ ᠶᠢ ᠬᠠᠮᠲᠤᠪᠠᠷ ᠴᠣᠭᠴᠠᠯᠠᠬᠤ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠦᠬᠠᠢ ᠳᠤ ᠪᠡᠯᠡ ᠣᠷᠣᠭᠤᠯᠤᠨ ᠦᠢᠯᠡᠰ ᠪᠣᠰᠬᠠᠵᠤ᠂ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠲᠡᠮᠵᠢᠨ᠎ᠠ ᠭᠡᠵᠡᠢ᠃      ᠬᠤ᠋ ᠰᠢᠩ ᠿᠦᠩ ᠳ᠋ᠦᠸᠧ ᠹᠦ᠋ ᠪᠦᠯᠦᠭᠯᠡᠯ ᠤᠨ ᠰᠢᠨ᠎ᠡ ᠡᠨᠧᠷᠭᠢ᠂ ᠠᠷᠠᠯᠵᠢᠶ᠎ᠠ᠂ ᠠᠭᠠᠷ ᠤᠨ ᠠᠶᠠᠯᠠᠯ ᠵᠡᠷᠭᠡ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ  ᠨᠢ᠂ ᠳ᠋ᠦᠸᠧ ᠹᠦ᠋ ᠪᠦᠯᠦᠭᠯᠡᠯ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠡᠮᠦᠷᠯᠢᠭ ᠪᠣᠯᠪᠠᠰᠤᠷᠠᠭᠤᠯᠬᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠲᠣᠨᠣᠭᠯᠠᠯ ᠦᠢᠯᠡᠳᠬᠦ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map