ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ | 26 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠤ ᠽᠧ | ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠪᠠ᠃ | | | | | 12 ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ | ᠰᠢ᠂ ᠬᠠᠨ ᠵᠧᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠲᠡᠷᠡ᠂ ᠮᠠᠤ ᠽᠧ ᠳ᠋ᠦᠩ ᠨᠥᠬᠦᠷ ᠪᠣᠯ ᠠᠭᠤᠤ ᠶᠡᠭᠡ ᠮᠠᠷᠺᠰ ᠤᠨ ᠦᠵᠡᠯᠲᠡᠨ᠂ ᠦᠭᠡᠶᠢᠭᠦᠦ ᠠᠩᠭᠢ ᠶᠢᠨ ᠠᠭᠤᠤ | ᠶᠡᠭᠡ ᠬᠤᠪᠢᠰᠬᠠᠯᠴᠢ᠂ ᠪᠠᠶᠢᠯᠳᠤᠬᠤ ᠪᠣᠳᠣᠯᠭᠠᠲᠠᠨ᠂ ᠣᠨᠣᠯᠴᠢ ᠮᠥᠨ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠠᠭᠤᠤ ᠶᠡᠭᠡ ᠡᠭᠦᠳᠦᠨ ᠨᠡᠭᠡᠭᠡᠭᠴᠢ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠠᠭᠤᠤ ᠶᠡᠭᠡ ᠰᠠᠭᠤᠷᠢᠯᠠᠭᠴᠢ ᠮᠥᠨ᠂ ᠣᠷᠴᠢᠨ ᠦᠶ᠎ᠡ ᠠᠴᠠ ᠨᠠᠭᠠᠰᠢᠬᠢ ᠳᠤᠮᠳᠠᠳᠤ | ᠤᠯᠤᠰ ᠤᠨ ᠠᠭᠤᠤ ᠶᠡᠭᠡ ᠤᠯᠤᠰ ᠢᠶᠠᠨ ᠬᠠᠶᠢᠷᠠᠯᠠᠭᠴᠢ ᠪᠠ ᠦᠨᠳᠦᠰᠦᠲᠡᠨ ᠤ ᠪᠠᠭᠠᠲᠤᠷ ᠮᠥᠨ᠂ ᠨᠠᠮ ᠤᠨ ᠨᠢᠭᠡᠳᠦᠭᠡᠷ | ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠮᠥᠨ᠂ ᠳᠤᠮᠳᠠᠳᠤ ᠤᠯᠤᠰ ᠤᠨ ᠠᠷᠠᠳ | ᠲᠦᠮᠡᠨ ᠢ ᠤᠳᠤᠷᠢᠳᠤᠨ ᠥᠪᠡᠷ ᠤᠨ ᠬᠤᠪᠢ ᠵᠠᠶᠠᠭ᠎ᠠ ᠪᠠ ᠤᠯᠤᠰ ᠣᠷᠣᠨ ᠤ ᠳᠦᠷᠰᠦ ᠪᠠᠶᠢᠳᠠᠯ ᠢᠶᠠᠨ ᠲᠤᠶᠢᠯᠪᠤᠷᠢᠲᠠᠢ | ᠬᠤᠪᠢᠷᠠᠭᠤᠯᠤᠭᠰᠠᠨ ᠨᠢᠭᠡᠨ ᠦᠶ᠎ᠡ ᠶᠢᠨ ᠠᠭᠤᠤ ᠶᠡᠭᠡ ᠬᠥᠮᠥᠨ ᠮᠥᠨ᠂ ᠳᠡᠯᠡᠬᠡᠢ ᠶᠢᠨ ᠳᠠᠷᠤᠯᠠᠭᠳᠠᠵᠤ ᠪᠠᠶᠢᠭᠰᠠᠨ | ᠦᠨᠳᠦᠰᠦᠲᠡᠨ ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ | ᠮᠠᠨ ᠤ ᠨᠠᠮ ᠤᠨ ᠡᠷᠬᠢᠮ ᠨᠠᠨᠳᠢᠨ ᠤᠶᠦᠠ ᠰᠠᠨᠠᠭᠠᠨ ᠤ ᠡᠳ᠋ ᠪᠠᠶᠠᠯᠢᠭ ᠮᠥᠨ ᠪᠣᠯᠬᠤᠷ ᠪᠢᠳᠡᠨ ᠤ ᠤᠢᠢᠯᠠ ᠠᠵᠢᠯᠯᠠᠭ᠎ᠠ ᠶᠢ | ᠤᠷᠳᠦ ᠬᠤᠭᠤᠴᠠᠭ᠎ᠠ ᠪᠠᠷ ᠵᠢᠯᠤᠭᠤᠳᠬᠤ ᠪᠣᠯᠣᠨ᠎ᠠ᠃ ᠮᠠᠤ ᠽᠧ ᠳ᠋ᠦᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ | ᠪᠣᠯ ᠳᠠᠷᠤᠢ ᠲᠡᠭᠦᠨ ᠤ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ ᠪᠣᠯᠣᠨ᠎ᠠ | ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ | ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ | ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ | ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ᠂ ᠮᠠᠤ ᠽᠧ ᠳ᠋ᠦᠩ ᠨᠥᠬᠦᠷ ᠤᠨ ᠨᠢᠭᠡ ᠨᠠᠰᠤ ᠪᠣᠯ ᠤᠯᠤᠰ ᠤᠨ ᠪᠠᠶᠠᠵᠢᠯ | ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ | ᠲᠡᠮᠡᠴᠡᠭᠰᠡᠨ ᠨᠢᠭᠡ ᠨᠠᠰᠤ ᠮᠥᠨ᠃ ᠲᠡᠷᠡ ᠠᠷᠠᠳ ᠲᠦᠮᠡᠨ ᠢ ᠳᠠᠭᠠᠭᠤᠯᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠲᠡᠦᠬᠡᠨ ᠠᠬᠢᠴᠠ ᠶᠢ ᠨᠡᠭᠡᠭᠡᠵᠦ᠂ ᠠᠭᠤᠤ ᠶᠡᠭᠡ ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ ᠤᠯᠤᠰ ᠤᠨ ᠡᠪ ᠬᠠᠮᠲᠤ | ᠨᠠᠮ ᠢ ᠳᠠᠪᠲᠠᠨ ᠪᠤᠯᠪᠠᠰᠤᠷᠠᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠰᠢᠨ᠎ᠡ ᠳᠤᠮᠳᠠᠳᠤ ᠤᠯᠤᠰ ᠢ | ᠪᠠᠶᠢᠭᠤᠯᠵᠤ᠂ ᠲᠡᠷᠢᠭᠦᠨ ᠤ ᠨᠡᠶᠢᠭᠡᠮ ᠵᠢᠷᠤᠮᠲᠤ ᠪᠠᠶᠢᠭᠤᠯᠤᠯ ᠢ ᠡᠭᠦᠳᠦᠨ ᠪᠠᠶᠢᠭᠤᠯᠵᠤ᠂ ᠬᠠᠨᠳᠤᠭᠰᠠᠨ ᠵᠦᠭ ᠳᠠᠶᠢᠰᠤᠨ ᠦᠭᠡᠢ | ᠰᠢᠨ᠎ᠡ ᠮᠠᠶ᠋ᠢᠭ ᠤᠨ ᠠᠷᠠᠳ ᠤᠨ ᠴᠡᠷᠢᠭ ᠠᠩᠭᠢ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ᠂ ᠳᠤᠮᠳᠠᠳᠤ | ᠤᠯᠤᠰ ᠤᠨ ᠠᠷᠠᠳ ᠲᠦᠮᠡᠨ ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠶᠢᠭᠤᠯᠵᠤ᠂ ᠭᠡᠷᠡᠯ ᠰᠠᠴᠤᠷᠠᠩᠭᠤᠢ ᠥᠨᠢ | ᠤᠳᠠᠭᠠᠨ ᠲᠡᠦᠬᠡᠨ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠤ ᠽᠧ ᠳ᠋ᠦᠩ ᠨᠥᠬᠦᠷ ᠥᠪᠡᠷ ᠤᠨ ᠨᠢᠭᠡ ᠨᠠᠰᠤ ᠪᠠᠨ ᠨᠠᠮ ᠪᠣᠯᠣᠨ ᠠᠷᠠᠳ ᠲᠦᠮᠡᠨ ᠳᠡᠭᠡᠨ | ᠵᠣᠷᠢᠭᠤᠯᠵᠤ᠂ ᠬᠤᠵᠢᠮ ᠤᠨ ᠬᠥᠮᠥᠰ ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ | ᠦᠯᠡᠳᠡᠭᠡᠭᠰᠡᠨ ᠶᠤᠮ᠃ ᠮᠠᠤ ᠽᠧ ᠳ᠋ᠦᠩ ᠨᠥᠬᠦᠷ ᠨᠢᠭᠡᠨ ᠠᠭᠤᠤ ᠶᠡᠭᠡ ᠬᠤᠪᠢᠰᠬᠠᠯ ᠤᠨ ᠤᠳᠤᠷᠢᠳᠤᠭᠴᠢ ᠶᠢᠨ ᠥᠨᠳᠥᠷ ᠲᠤ | ᠵᠣᠭᠰᠣᠨ ᠠᠯᠤᠰ ᠢ ᠪᠠᠷᠠᠯᠠᠬᠤ ᠤᠯᠤᠰ ᠲᠦᠷᠦ ᠶᠢᠨ ᠠᠯᠤᠰ ᠤᠨ ᠬᠠᠷᠠᠴᠠ᠂ ᠡᠷᠡᠰ ᠭᠤᠶᠢᠪᠢᠰᠢ ᠦᠭᠡᠢ ᠬᠤᠪᠢᠰᠬᠠᠯᠲᠤ | ᠢᠲᠡᠭᠡᠯ ᠪᠢᠰᠢᠷᠡᠯ᠂ ᠵᠣᠷᠢᠭᠲᠠᠢ ᠪᠠᠷ ᠵᠠᠮ ᠨᠡᠭᠡᠭᠡᠬᠦ ᠶᠡᠷᠦ ᠪᠤᠰᠤ ᠶᠢᠨ ᠰᠥᠰᠥ ᠵᠣᠷᠢᠭ᠂ ᠮᠠᠰᠢ ᠪᠣᠯᠪᠠᠰᠤᠷᠠᠩᠭᠤᠢ ᠲᠡᠮᠡᠴᠡᠯ ᠤᠨ | ᠤᠷᠠᠯᠢᠭ᠂ ᠰᠢᠯᠭᠠᠷᠠᠭᠰᠠᠨ ᠬᠡᠲᠦᠶᠢᠳᠦᠭᠰᠡᠨ ᠤᠳᠤᠷᠢᠳᠬᠤ ᠠᠪᠢᠶᠠᠰ ᠴᠢᠳᠠᠪᠤᠷᠢ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ | ᠬᠤᠯᠪᠣᠭᠰᠠᠨ ᠴᠢᠩ ᠦᠨᠡᠨᠴᠢ ᠰᠡᠳᠬᠢᠯᠭᠡ᠂ ᠬᠠᠨᠠᠭᠠᠷ ᠠᠭᠤᠳᠠᠮ ᠬᠡᠬᠦᠳᠡᠭ ᠴᠡᠭᠡᠵᠢ᠂ ᠲᠡᠰᠪᠦᠷᠢ ᠬᠠᠲᠠᠭᠤᠵᠢᠯᠲᠠᠢ ᠪᠠᠷ | ᠲᠡᠮᠡᠴᠡᠬᠦ ᠰᠢᠯᠢᠳᠡᠭ ᠰᠤᠷᠲᠠᠯ ᠢ ᠢᠯᠡᠷᠡᠭᠦᠯᠵᠦ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠠᠶᠢᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ ᠢ ᠣᠯᠣᠭᠰᠠᠨ ᠪᠠᠶᠢᠨ᠎ᠠ᠂ ᠮᠠᠤ ᠽᠧ ᠳ᠋ᠦᠩ ᠨᠥᠬᠦᠷ ᠤᠨ | ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠪᠣᠯ ᠪᠢᠳᠡᠨ ᠤ ᠦᠷᠭᠦᠯᠵᠢᠯᠡᠨ ᠤᠷᠤᠭᠰᠢᠯᠠᠬᠤ ᠶᠢ ᠤᠷᠮᠠᠰᠢᠭᠤᠯᠤᠨ | ᠵᠣᠷᠢᠭᠵᠢᠭᠤᠯᠬᠤ ᠡᠭᠦᠷᠢᠳᠡ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠰᠢᠨ᠎ᠡ | ᠠᠶᠠᠨ ᠳᠠᠬᠢ ᠭᠤᠣᠯ ᠡᠭᠦᠷᠭᠡ ᠪᠣᠯᠣᠨ᠎ᠠ᠃ ᠡᠨᠡ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠤᠨ ᠪᠡᠶᠡᠯᠡᠭᠦᠯᠦᠭᠡ ᠦᠭᠡᠢ ᠦᠢᠯᠡᠰ ᠮᠥᠨ᠂ ᠤᠳᠤ ᠦᠶ᠎ᠡ ᠶᠢᠨ ᠳᠤᠮᠳᠠᠳᠤ ᠤᠯᠤᠰ ᠤᠨ ᠡᠪ | ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠰᠢᠨ᠎ᠡ ᠠᠶᠠᠨ ᠳᠠᠭᠠᠨ ᠪᠢᠳᠡ ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ | ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ | ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ ᠤᠨ ᠠᠷᠠᠳ | ᠲᠦᠮᠡᠨ ᠤ ᠦᠢᠯᠡᠰ ᠮᠥᠨ᠂ ᠡᠷᠬᠡᠪᠰᠢ ᠠᠷᠠᠳ ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠤ ᠳᠤᠮᠳᠠ | ᠬᠠᠳᠠᠭᠠᠯᠠᠭᠳᠠᠵᠤ ᠪᠠᠶᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠵᠤ᠂ ᠪᠦᠭᠦ | ᠠᠷᠠᠳ ᠲᠦᠮᠡᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ | ᠪᠣᠯ ᠲᠡᠦᠬᠡ ᠶᠢ ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ ᠮᠥᠨ ᠭᠡᠬᠦ ᠲᠡᠦᠬᠡ ᠶᠢᠨ ᠪᠣᠳᠠᠰᠴᠢ ᠦᠵᠡᠯ ᠤᠨ | ᠦᠨᠳᠦᠰᠦᠨ ᠦᠵᠡᠯᠲᠡ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ᠂ ᠰᠠᠶᠢᠲᠤᠷ | ᠪᠡᠶᠡᠯᠡᠭᠦᠯᠬᠦ᠂ ᠰᠠᠶᠢᠲᠤᠷ ᠬᠥᠭᠵᠢᠭᠦᠯᠬᠦ ᠪᠠᠷ ᠠᠯᠢᠪᠠ ᠠᠵᠢᠯ ᠤᠨ ᠵᠣᠷᠢᠯᠲᠠ ᠪᠠ ᠲᠤᠰᠤᠯᠲᠠ ᠪᠤᠯᠭᠠᠵᠤ᠂ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ | ᠬᠦᠷᠲᠡᠭᠡᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ | ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ᠂ | ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ | ᠨᠢᠭᠡᠲᠡᠢ᠂ ᠬᠤᠪᠢ ᠵᠠᠶᠠᠭ᠎ᠠ ᠨᠢᠭᠡᠲᠡᠢ᠂ ᠰᠡᠳᠬᠢᠯ ᠵᠢᠷᠦᠬᠡᠨ ᠤ ᠬᠤᠯᠪᠤᠭ᠎ᠠ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠭᠦᠨ ᠵᠤᠵᠠᠭᠠᠨ᠂ ᠬᠠᠮᠤᠭ ᠤᠨ ᠤᠳᠠᠭᠠᠨ ᠳᠠᠭᠠᠭᠠᠮᠠᠭᠠᠢ | ᠬᠦᠴᠦᠨ ᠴᠢᠳᠠᠯ ᠤᠨ ᠡᠬᠢ ᠰᠤᠷᠪᠤᠯᠵᠢ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠮᠠᠷᠺᠰ ᠤᠨ ᠦᠵᠡᠯ ᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠲᠠᠢ ᠵᠡᠷᠭᠡ ᠪᠠᠷ | ᠤᠷᠤᠭᠰᠢᠯᠠᠨ ᠬᠥᠭᠵᠢᠭᠦᠯᠵᠦ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠶᠢ ᠶᠡᠭᠡ ᠪᠠᠷ | ᠠᠬᠢᠭᠤᠯᠵᠤ᠂ ᠤᠬᠠᠮᠰᠠᠷ ᠠᠴᠠ ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠢᠶᠠᠷ ᠰᠢᠨ᠎ᠡ | ᠦᠢᠯᠡᠳᠦᠯᠭᠡ ᠶᠢ ᠵᠢᠯᠣᠭᠤᠳᠤᠭᠤᠯᠬᠤ ᠪᠣᠯ ᠮᠠᠨ ᠤ ᠨᠠᠮ ᠤᠨ ᠲᠡᠦᠬᠡ ᠶᠢᠨ ᠰᠠᠨᠠᠭᠠᠴᠢᠯᠠᠭ᠎ᠠ ᠶᠢ ᠡᠵᠡᠮᠳᠡᠵᠦ᠂ ᠴᠠᠭ ᠦᠶ᠎ᠡ ᠶᠢᠨ | ᠠᠯᠬᠤᠭ᠎ᠠ ᠶᠢ ᠲᠠᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ | ᠠᠮᠵᠢᠯᠲᠠ ᠲᠠᠢ ᠠᠷᠭ᠎ᠠ ᠵᠠᠮ ᠮᠥᠨ᠃ ᠦᠢᠯᠡᠳᠦᠯᠭᠡ ᠬᠡᠵᠢᠶᠡᠳᠡ ᠳᠠᠭᠤᠰᠤᠰᠢ ᠦᠭᠡᠢ᠂ ᠤᠨᠤᠯ ᠤᠨ ᠰᠢᠨ᠎ᠡ ᠡᠭᠦᠳᠦᠯᠲᠡ | ᠬᠡᠵᠢᠶᠡᠳᠡ ᠳᠠᠭᠤᠰᠤᠰᠢ ᠦᠭᠡᠢ᠂ ᠦᠨᠡᠨ ᠶᠣᠰᠣ ᠶᠢ ᠲᠠᠨᠢᠬᠤ ᠶᠠᠪᠤᠳᠠᠯ ᠬᠡᠵᠢᠶᠡᠳᠡ ᠳᠠᠭᠤᠰᠤᠰᠢ ᠦᠭᠡᠢ ᠶᠤᠮ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠥᠷᠭᠡᠨ | ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠦ᠂ ᠨᠡᠩ ᠪᠡᠷᠬᠡ ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ᠃ | ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ᠂ | ᠦᠢᠯᠡᠳᠦᠯᠭᠡ ᠳᠤ ᠲᠤᠯᠭᠠᠷᠠᠭᠰᠠᠨ ᠴᠣ ᠰᠢᠨ᠎ᠡ ᠰᠡᠳᠦᠪ ᠢ ᠲᠠᠰᠤᠷᠠᠯᠲᠠ ᠦᠭᠡᠢ ᠬᠠᠷᠢᠭᠤᠯᠵᠤ᠂ ᠤᠨᠤᠯ ᠤᠨ ᠰᠢᠨ᠎ᠡ | ᠡᠭᠦᠳᠦᠯᠲᠡ ᠪᠠᠷ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ | ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ | ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ | ᠡᠷᠡᠮᠡᠯᠵᠡᠯ ᠳᠤ ᠵᠣᠬᠢᠴᠠᠵᠤ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ᠂ ᠦᠨᠡᠨ ᠬᠦ ᠬᠢᠵᠦ᠂ | ᠬᠠᠲᠠᠭᠤ ᠲᠠᠢ ᠬᠠᠯᠳᠠᠵᠤ᠂ ᠤᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠠᠭᠢᠬᠤ ᠶᠢ ᠬᠢᠵᠠᠭᠠᠷᠯᠠᠵᠤ ᠪᠠᠶᠢᠭ᠎ᠠ ᠠᠯᠢᠪᠠ | ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠰᠢᠨ᠎ᠡ ᠬᠥᠳᠡᠯᠭᠡᠬᠦ ᠬᠦᠴᠦᠨ ᠢ ᠪᠦᠭᠦ ᠲᠠᠯ᠎ᠠ ᠪᠠᠷ ᠲᠠᠰᠤᠷᠠᠯᠳᠠ ᠦᠭᠡᠢ ᠨᠡᠮᠡᠷᠢᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ᠂ ᠭᠠᠭᠴᠠ ᠬᠦ ᠶᠡᠭᠡ ᠨᠠᠮ ᠤᠨ ᠥᠪᠡᠷᠮᠢᠴᠡ ᠬᠦᠴᠢᠷ | ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠨᠠᠮ ᠢᠶᠠᠨ ᠨᠡᠩ | ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠪᠠᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠳᠠᠪᠠᠯᠭᠠᠨ ᠢ ᠰᠥᠷᠦᠨ ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ | ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠴᠠᠭ | ᠦᠶ᠎ᠡ ᠶᠢᠨ ᠡᠮᠦᠨ᠎ᠡ ᠡᠩᠨᠡᠭᠡᠨ ᠳᠤ ᠤᠷᠤᠭᠰᠢᠯᠠᠭᠤᠯᠵᠤ᠂ ᠢᠮᠠᠭᠲᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ | ᠪᠠᠶᠢᠯᠭᠠᠵᠤ᠂ ᠮᠠᠨ ᠤ ᠨᠠᠮ ᠢ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ | ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠪᠦᠭᠦ ᠳᠤᠮᠳᠠᠳᠤ ᠶᠢᠨ ᠬᠥᠪᠡᠭᠦᠳ | ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠠᠤᠭ᠎ᠠ ᠦᠢᠯᠡᠰ ᠢ ᠪᠦᠲᠦᠭᠡᠬᠦ ᠶᠢ ᠱᠠᠭᠠᠷᠳᠠᠨ᠎ᠠ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ︽ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ︾ | ︽ᠣᠣᠮᠧᠨᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ | ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ | ᠪᠠᠷᠢᠮᠲᠠᠯᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ | ᠲᠡᠭᠦᠯᠳᠡᠷᠵᠢᠭᠦᠯᠵᠦ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠤᠯᠤᠰ ᠢᠶᠠᠨ | ᠬᠠᠶᠢᠷᠠᠯᠠᠬᠤ ᠬᠥᠮᠥᠰ ᠢᠶᠠᠷ ᠰᠢᠶᠠᠩᠭᠠᠩ ᠢ ᠵᠠᠰᠠᠭᠤᠯᠬᠤ︾ ︽ᠤᠯᠤᠰ ᠢᠶᠠᠨ ᠬᠠᠶᠢᠷᠠᠯᠠᠬᠤ ᠬᠥᠮᠥᠰ ᠢᠶᠠᠷ ᠣᠣᠮᠧᠨ ᠢ | ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠ ᠵᠠᠰᠠᠭ | ᠵᠠᠬᠢᠷᠭᠠᠨ ᠤ ᠣᠨᠴᠠᠭᠠᠢ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠨᠢᠭᠡᠳᠦᠯ ᠢ ᠪᠠᠲᠤᠯᠠᠬᠤ ᠶᠢ | ᠪᠠᠷᠢᠮᠲᠠᠯᠠᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢ ᠳᠡᠮᠵᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ | ᠪᠠ ᠠᠰᠠᠭᠤᠳᠠᠯ ᠢ ᠰᠢᠢᠳᠪᠦᠷᠢᠯᠡᠵᠦ᠂ ᠤᠯᠤᠰ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ | ᠠᠭᠤᠰᠤᠯᠴᠠᠭᠤᠯᠬᠤ ᠬᠡᠷᠡᠭᠲᠡᠢ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ ᠴᠠᠭ ᠤᠨ ᠪᠠᠶᠢᠳᠠᠯ ᠤᠨ ᠬᠠᠨᠳᠤᠰᠢ᠂ | ᠲᠥᠪ ᠶᠣᠰᠣᠨ ᠤ ᠬᠠᠨᠳᠤᠰᠢ᠂ ᠠᠷᠠᠳ ᠤᠨ ᠰᠡᠳᠬᠢᠯ ᠤᠨ ᠬᠠᠨᠳᠤᠰᠢ ᠮᠥᠨ᠂ ᠡᠬᠡ ᠣᠷᠣᠨ ᠡᠷᠬᠡᠪᠰᠢ ᠨᠢᠭᠡᠳᠬᠦ ᠬᠡᠷᠡᠭᠲᠡᠢ | ᠪᠥᠭᠡᠳ ᠵᠠᠶᠢᠯᠠᠰᠢ ᠦᠭᠡᠢ ᠨᠢᠭᠡᠳᠬᠦ ᠶᠤᠮ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ | ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ | ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠡᠯ᠎ᠡ | ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ | ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠶᠠᠮᠠᠷᠪᠠ ᠬᠥᠮᠥᠨ ᠤ ᠶᠠᠮᠠᠷᠪᠠ ᠠᠷᠭ᠎ᠠ ᠮᠠᠶ᠋ᠢᠭ ᠢᠶᠠᠷ | ᠲᠠᠶᠢᠸᠠᠨ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ | ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠥᠭᠡᠳ | ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠪᠢᠳᠡ ᠡᠷᠡᠰ ᠪᠠᠲᠤ ᠪᠠᠷ ᠲᠡᠦᠬᠡ ᠶᠢᠨ ᠵᠥᠪ | ᠲᠠᠯ᠎ᠠ ᠳᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ᠂ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ ᠠᠮᠤᠷ ᠲᠦᠪᠰᠢᠨ᠂ ᠬᠠᠮᠲᠤ ᠪᠠᠷ | ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ | ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ᠃ ᠪᠢᠳᠡ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ | ᠡᠷᠡᠰ ᠬᠠᠮᠠᠭᠠᠯᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠪᠦᠭᠦ ᠪᠥᠮᠪᠥᠷᠴᠡᠭ ᠤᠨ | ᠵᠠᠰᠠᠯᠲᠠ ᠶᠢᠨ ᠬᠤᠪᠢᠰᠤᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ | ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ᠂ ᠬᠥᠭᠵᠢᠭᠡᠳ | ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ᠂ ᠬᠡᠵᠢᠶᠡᠳᠡ ᠥᠷᠭᠡᠳᠬᠡᠯ | ᠬᠢᠬᠦ ᠦᠭᠡᠢ ᠭᠡᠵᠦ ᠴᠢᠬᠤᠯᠠᠴᠢᠯᠠᠪᠠ᠃ | ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠤ ᠽᠧ | ᠳ᠋ᠦᠩ ᠨᠥᠬᠦᠷ ᠤᠨ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠶᠢ ᠤᠳᠤᠷᠢᠳᠤᠭᠰᠠᠨ ᠠᠭᠤᠤ ᠶᠡᠭᠡ | ᠦᠢᠯᠡᠳᠦᠯᠭᠡ ᠶᠢ ᠭᠦᠨᠵᠡᠭᠡᠢ ᠡᠷᠭᠢᠴᠡᠭᠦᠯᠵᠦ᠂ ᠮᠠᠤ ᠽᠧ ᠳ᠋ᠦᠩ ᠨᠥᠬᠦᠷ ᠤᠨ ᠳᠤᠮᠳᠠᠳᠤ ᠶᠢᠨ ᠦᠨᠳᠦᠰᠦᠲᠡᠨ᠂ ᠳᠤᠮᠳᠠᠳᠤ | ᠤᠯᠤᠰ ᠤᠨ ᠠᠷᠠᠳ ᠲᠦᠮᠡᠨ ᠳᠤ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ | ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠᠭ᠎ᠠ ᠪᠣᠯ ᠪᠢᠳᠡᠨ ᠤ ᠦᠷᠭᠦᠯᠵᠢᠯᠡᠨ | ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠵᠤ᠂ | ᠪᠣᠳᠠᠲᠤ ᠠᠵᠢᠯᠯᠠᠭ᠎ᠠ ᠪᠠᠷ ᠢᠶᠠᠨ ᠮᠠᠤ ᠽᠧ ᠳ᠋ᠦᠩ ᠨᠥᠬᠦᠷ ᠢ ᠳᠤᠷᠠᠰᠬᠠᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠤᠭ᠎ᠠ ᠦᠢᠯᠡᠰ ᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠣᠳᠣ ᠮᠡᠷᠭᠡᠨ᠂ ᠨᠠᠷᠢᠨ ᠲᠣᠳᠣᠷᠬᠠᠢ ᠭᠦᠨ ᠭᠦᠨᠵᠡᠭᠡᠢ ᠪᠠᠶᠢᠵᠤ᠂ ᠮᠠᠰᠢ | ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠮᠠᠤ | ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠭᠦᠳᠦᠨ ᠪᠦᠲᠦᠭᠡᠭᠰᠡᠨ ᠦᠢᠯᠡᠰ ᠢ | ᠦᠷᠭᠦᠯᠵᠢᠯᠡᠨ ᠤᠷᠤᠭᠰᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠪᠤᠶ ᠪᠤᠯᠭᠠᠬᠤ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ ᠬᠤᠸᠠ᠂ | ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ | ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠮᠠᠤ ᠽᠧ ᠳ᠋ᠦᠩ ᠨᠥᠬᠦᠷ ᠤᠨ ᠲᠦᠷᠦᠯ ᠰᠠᠳᠤᠨ᠂ ᠤᠤᠯ ᠤᠨ ᠳᠡᠷᠭᠡᠳᠡᠬᠢ | ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ ᠤᠯᠤᠰ ᠤᠨ ᠮᠠᠤ ᠽᠧ ᠳ᠋ᠦᠩ ᠨᠥᠬᠦᠷ ᠤᠨ | ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠳᠤ | ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠠᠴᠠ ᠡᠮᠦᠨ᠎ᠡ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ | ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠤᠳᠤᠷᠢᠳᠬᠤ ᠨᠥᠬᠦᠳ ᠮᠠᠤ ᠲᠡᠷᠢᠭᠦᠯᠡᠭᠴᠢ ᠶᠢᠨ ᠳᠤᠷᠠᠰᠬᠠᠯ ᠤᠨ | ᠲᠠᠩᠬᠢᠮ ᠳᠤ ᠬᠦᠷᠴᠦ ᠢᠷᠡᠪᠡ᠃ ᠬᠤᠶᠢᠲᠤ ᠶᠡᠭᠡ ᠲᠢᠩᠬᠢᠮ ᠳᠤ᠂ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ | ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠤᠯᠤᠰ ᠢᠶᠠᠨ | ᠬᠠᠶᠢᠷᠠᠯᠠᠬᠤ ᠬᠥᠮᠥᠰ ᠤᠨ ᠬᠦᠷᠭᠡᠭᠰᠡᠨ ᠰᠠᠬᠰᠤᠲᠤ ᠴᠡᠴᠡᠭ ᠢ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠤᠨ | ᠡᠮᠦᠨ᠎ᠡ ᠲᠠᠯᠪᠢᠪᠠ᠃ ᠰᠢ ᠶᠢᠨ ᠫᠢᠩ ᠨᠠᠷ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠲᠤ ᠭᠤᠷᠪᠠᠨᠲᠠ ᠶᠣᠰᠣᠯᠠᠵᠤ᠂ | ᠳᠠᠷᠠᠭ᠎ᠠ ᠨᠢ ᠪᠠᠷᠠᠯᠠᠬᠤ ᠲᠢᠩᠬᠢᠮ ᠳᠤ ᠬᠦᠷᠴᠦ᠂ ᠮᠠᠤ ᠽᠧ ᠳ᠋ᠦᠩ ᠨᠥᠬᠦᠷ ᠤᠨ ᠭᠡᠭᠡᠨ ᠳᠦᠷᠢ ᠶᠢ ᠪᠠᠷᠠᠯᠠᠪᠠ᠃ | |