9 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ | ᠮᠡᠳᠡᠭᠡ ᠵᠠᠩᠬᠢᠵᠢᠯᠳᠠ ᠶᠢᠨ ᠠᠯᠪᠠᠨ ᠭᠡᠷ ᠬᠤᠲᠠ ᠶᠢᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠴᠢᠬᠤᠯᠠ | ᠨᠢᠭᠤᠴᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠠᠷᠠᠳ ᠤᠨ ᠴᠡᠴᠡᠷᠯᠢᠭ ᠤᠨ | ᠬᠤᠶᠢᠲᠤ ᠡᠭᠦᠳᠡᠨ ᠤ ᠠᠭᠤᠳᠠᠮ ᠲᠠᠯᠠᠪᠠᠶ ᠳᠤ ᠰᠦᠯᠵᠢᠶᠡᠨ ᠤ ᠠᠮᠤᠷ ᠲᠦᠪᠰᠢᠨ ᠤ ᠭᠤᠣᠯ ᠰᠡᠳᠦᠪᠲᠦ | ᠦᠵᠡᠭᠦᠯᠦᠯᠭᠡ ᠡᠷᠭᠢᠯᠡᠪᠡ᠃ | ᠦᠵᠡᠭᠦᠯᠦᠯᠭᠡ ᠨᠢ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠤ ᠲᠥᠯᠥᠭᠡ ᠰᠦᠯᠵᠢᠶᠡᠨ ᠤ | ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠭᠡᠳᠡᠭ ᠢᠶᠠᠷ ᠭᠤᠣᠯ ᠰᠡᠳᠦᠪ ᠪᠣᠯᠭᠠᠵᠤ᠂ 60 ᠭᠠᠷᠤᠢ | ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢᠬᠢ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠤ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ᠂ | ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠪᠢ ᠬᠥᠮᠥᠨ ᠤ ᠮᠡᠳᠡᠭᠡ | ᠵᠠᠩᠭᠢ ᠶᠢᠨ ᠬᠠᠮᠠᠭᠠᠯᠠᠯᠲᠠ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠢᠨᠲ᠋ᠧᠷ ᠰᠦᠯᠵᠢᠶᠡᠨ ᠤ ᠬᠠᠤᠯᠢ ᠵᠥᠷᠢᠴᠡᠭᠰᠡᠨ | ᠪᠠ ᠡᠷᠡᠭᠦᠯ ᠪᠤᠰᠤ ᠮᠡᠳᠡᠭᠡ ᠵᠠᠩᠭᠢ ᠶᠢᠨ ᠢᠯᠡᠴᠢᠯᠡᠨ ᠮᠡᠳᠡᠭᠦᠯᠦᠯᠲᠡ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ | ᠭᠤᠣᠯᠳᠠᠯᠭ᠎ᠠ ᠲᠠᠢ ᠳᠡᠯᠭᠡᠨ ᠦᠵᠡᠭᠦᠯᠪᠡ᠃ ᠡᠯ᠎ᠡ ᠰᠠᠯᠠᠭ᠎ᠠ ᠮᠥᠴᠢᠷ ᠤᠨ ᠬᠢᠨ ᠤᠬᠠᠭᠤᠯᠭ᠎ᠠ ᠶᠢᠨ ᠡᠪᠬᠡᠮᠡᠯ | ᠬᠠᠭᠤᠳᠠᠰᠤ ᠲᠠᠷᠬᠠᠭᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ | ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ | ᠲᠦᠭᠡᠮᠡᠯᠵᠢᠭᠦᠯᠵᠦ᠂ ᠣᠳᠣᠬᠠᠨ ᠳᠤ ᠪᠠᠶᠢᠩᠭᠤ ᠲᠣᠬᠢᠶᠠᠯᠳᠤᠳᠠᠭ ᠰᠦᠯᠵᠢᠶᠡᠨ ᠤ ᠴᠤᠤᠷᠬᠠᠯ᠂ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠤᠨ ᠲᠦᠷᠦᠯ ᠬᠡᠯᠪᠡᠷᠢ ᠪᠠ ᠤᠷᠢᠳᠴᠢᠯᠠᠨ ᠰᠡᠷᠭᠡᠶᠢᠯᠡᠬᠦ ᠠᠷᠭ᠎ᠠ ᠪᠠᠷᠢᠯ ᠢ ᠲᠠᠶᠢᠯᠪᠤᠷᠢᠯᠠᠵᠤ᠂ | ᠤᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠤᠯᠠᠮ ᠨᠢᠭᠡ ᠠᠯᠬᠤᠮ | ᠴᠢᠩᠭᠠᠳᠬᠠᠪᠠ᠃ |