︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ· ᠦᠬᠠᠢ︾ ᠶᠢᠨ ᠲᠦᠷᠦᠯ ᠲᠡᠮᠳᠡᠭ ᠤᠨ ᠨᠥᠯᠥᠭᠡᠯᠡᠬᠦ | ᠬᠦᠴᠦᠨ ᠪᠣᠯᠣᠨ ᠠᠯᠳᠠᠷᠰᠢᠯ ᠢᠶᠠᠨ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠤᠷᠠᠨ | ᠪᠢᠴᠢᠯᠭᠡ· ᠣᠨ ᠤ ᠦᠵᠡᠬᠦᠯᠦᠯᠭᠡ︾ ᠶᠢᠨ ᠪᠦᠬᠦ ᠤᠯᠤᠰ ᠤᠨ ᠭᠤᠷ ᠦᠰᠦᠭ᠂ ᠵᠠᠪᠰᠠᠷ ᠤᠨ ᠦᠰᠦᠭ᠂ ᠭᠤᠷ | ᠰᠡᠶᠢᠯᠦᠮᠡᠯ ᠤᠨ ᠪᠦᠲᠦᠭᠡᠯ ᠤᠨ ᠦᠵᠡᠬᠦᠯᠦᠯᠭᠡ ᠵᠢᠴᠢ ᠠᠷᠪᠠᠨ ᠬᠤᠶᠠᠳᠤᠭᠠᠷ ᠬᠤᠭᠤᠴᠠᠭᠠᠨ ᠤ ᠬᠠᠳᠤᠨ ᠭᠤᠣᠯ ᠤᠨ | ᠬᠡᠷᠡᠯᠳᠦ ᠰᠤᠪᠤᠳ· ᠤᠷᠠᠨ ᠪᠢᠴᠢᠯᠭᠡ ᠶᠢᠨ ᠤᠷᠠᠯᠢᠭ ᠤᠨ ᠨᠠᠶᠢᠷ 9 ᠰᠠᠷ᠎ᠠ ᠶᠢᠨ 19 ᠤ ᠡᠳᠦᠷ ᠠᠴᠠ 24 ᠤ ᠡᠳᠦᠷ | ᠪᠣᠯᠲᠠᠯ᠎ᠠ ᠮᠠᠨ ᠤ ᠬᠤᠳᠠ ᠳᠤ ᠶᠠᠪᠤᠭᠳᠠᠨ᠎ᠠ᠃ ᠣᠳᠣᠬᠠᠨ ᠳᠤ ᠡᠯ᠎ᠡ ᠵᠦᠢᠯ ᠤᠨ ᠠᠵᠢᠯ ᠢᠶᠠᠨ ᠶᠠᠭ ᠶᠠᠭᠠᠷᠠᠯᠲᠠᠢ | ᠪᠡᠯᠡᠳᠬᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠣᠨ ᠤ ᠦᠵᠡᠬᠦᠯᠦᠯᠭᠡ ᠳᠤ᠂ ᠪᠥᠬᠦ ᠤᠯᠤᠰ ᠤᠨ ᠡᠯ᠎ᠡ ᠭᠠᠵᠠᠷ ᠠᠴᠠ | ᠡᠯᠰᠡᠭᠰᠡᠨ 5072 ᠪᠦᠲᠦᠭᠡᠯ ᠤᠨ ᠳᠣᠲᠣᠷ᠎ᠠ ᠠᠴᠠ ᠰᠢᠯᠭᠠᠷᠠᠭᠤᠯᠤᠨ ᠭᠠᠷᠭᠠᠭᠰᠠᠨ 197 ᠪᠦᠲᠦᠭᠡᠯ᠂ ᠲᠤᠰᠬᠠᠢ | ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ 12 ᠪᠦᠲᠦᠭᠡᠯ ᠢ ᠳᠡᠯᠭᠡᠨ ᠦᠵᠡᠭᠦᠯᠬᠦ ᠪᠤᠯᠤᠨ᠎ᠠ᠃ ᠲᠤᠬᠠᠢ ᠶᠢᠨ | ᠦᠶ᠎ᠡ ᠳᠤ᠂ ᠬᠤᠷᠠᠯ ᠳᠤ ᠣᠷᠣᠯᠴᠠᠭᠰᠠᠨ ᠵᠣᠴᠢᠳ ︽ᠳᠤᠮᠳᠠᠳᠤ ᠤᠯᠤᠰ ᠤᠨ ᠤᠷᠠᠨ ᠪᠢᠴᠢᠯᠭᠡ· ᠣᠨ ᠤ | ᠦᠵᠡᠭᠦᠯᠦᠯᠭᠡ︾ ᠶᠢᠨ ᠪᠥᠬᠦ ᠤᠯᠤᠰ ᠤᠨ ᠭᠤᠷ ᠥᠰᠥᠭ᠂ ᠵᠠᠪᠰᠠᠷ ᠤᠨ ᠥᠰᠥᠭ᠂ ᠭᠤᠷ ᠰᠡᠶᠢᠯᠦᠮᠡᠯ ᠤᠨ | ᠪᠦᠲᠦᠭᠡᠯ ᠤᠨ ᠦᠵᠡᠭᠦᠯᠦᠯᠭᠡ᠂ ︽ᠭᠤᠷᠪᠠᠨ ᠨᠡᠷᠡᠲᠤ ᠢᠨᠵᠧᠨᠧᠷᠢᠩ︾ ᠤᠨ ᠤᠷᠠᠨ ᠪᠢᠴᠢᠯᠭᠡ ᠶᠢᠨ ᠪᠦᠲᠦᠭᠡᠯ ᠤᠨ | ᠦᠵᠡᠭᠦᠯᠦᠯᠭᠡ᠂ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠨᠡᠶᠢᠲᠡ ᠶᠢᠨ ᠠᠰᠠᠷᠠᠮᠵᠢ ᠶᠢᠨ ᠶᠡᠭᠡ ᠬᠢᠴᠢᠶᠡᠯ ᠤᠨ ᠲᠠᠩᠬᠢᠮ ᠵᠡᠷᠭᠡ ᠠᠵᠢᠯᠯᠠᠭ᠎ᠠ ᠳᠤ ᠬᠠᠮᠲᠤ ᠪᠠᠷ ᠣᠷᠣᠯᠴᠠᠬᠤ | ᠪᠣᠯᠣᠨ᠎ᠠ᠃ | ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ | ᠳᠡᠮᠵᠢᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠤᠷᠠᠨ | ᠪᠢᠴᠢᠯᠭᠡ ᠶᠢᠨ ᠬᠡᠪᠯᠡᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ᠡᠷᠭᠢᠯᠡᠵᠦ᠂ | ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠢ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠳᠤᠮᠳᠠᠳᠤ ᠤᠯᠤᠰ ᠤᠨ ᠤᠷᠠᠨ | ᠪᠢᠴᠢᠯᠭᠡ ᠶᠢᠨ ᠬᠤᠲᠠ · ᠦᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ | |