9 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ︽ᠳᠤᠮᠳᠠᠳᠤ ᠤᠯᠤᠰ ᠤᠨ ᠤᠷᠠᠨ ᠪᠢᠴᠢᠯᠭᠡ·ᠣᠨ ᠤ | ᠦᠵᠡᠬᠦᠯᠦᠯᠭᠡ︾ ᠪᠦᠬᠦ ᠤᠯᠤᠰ ᠤᠨ ᠭᠤᠷ ᠦᠰᠦᠭ᠂ ᠵᠠᠪᠰᠠᠷ ᠤᠨ ᠦᠰᠦᠭ᠂ ᠭᠤᠷ ᠰᠡᠶᠢᠯᠦᠮᠡᠯ ᠤᠨ ᠪᠦᠲᠦᠭᠡᠯ ᠤᠨ | ᠦᠵᠡᠬᠦᠯᠦᠯᠭᠡ ᠮᠠᠨ ᠤ ᠬᠤᠲᠠ ᠳᠤ ᠶᠠᠪᠤᠭᠳᠠᠪᠠ᠃ ᠦᠵᠡᠭᠦᠯᠦᠯᠭᠡ ᠢᠷᠡᠬᠦ ᠵᠢᠯ ᠤᠨ 9 ᠰᠠᠷ᠎ᠠ ᠪᠣᠯᠲᠠᠯ᠎ᠠ | ᠦᠷᠭᠦᠯᠵᠢᠯᠡᠬᠦ ᠪᠣᠯᠣᠨ᠎ᠠ᠃ | ᠦᠵᠡᠭᠦᠯᠦᠯᠭᠡ ᠳᠤ ᠨᠡᠶᠢᠲᠡ 196 ᠪᠦᠲᠦᠭᠡᠯ ᠢ ᠳᠡᠯᠭᠡᠨ ᠦᠵᠡᠭᠦᠯᠵᠦ᠂ ᠲᠤᠰᠬᠠᠢ ᠮᠡᠷᠭᠡᠵᠢᠯᠲᠡᠨ ᠤ | ᠰᠢᠯᠭᠠᠷᠠᠭᠤᠯᠬᠤ ᠺᠣᠮᠢᠰ ᠠᠴᠠ ᠪᠥᠬᠦ ᠤᠯᠤᠰ ᠤᠨ ᠡᠯ᠎ᠡ ᠭᠠᠵᠠᠷ ᠠᠴᠠ ᠡᠯᠰᠡᠭᠰᠡᠨ 5072 ᠪᠦᠲᠦᠭᠡᠯ ᠤᠨ ᠳᠣᠲᠣᠷ᠎ᠠ | ᠠᠴᠠ ᠰᠢᠯᠭᠠᠷᠠᠭᠤᠯᠤᠨ ᠭᠠᠷᠭᠠᠭᠰᠠᠨ ᠶᠤᠮ᠂ ᠬᠠᠮᠲᠤ ᠪᠠᠷ ᠳᠡᠯᠭᠡᠨ ᠦᠵᠡᠭᠦᠯᠦᠭᠰᠡᠨ ᠪᠦᠲᠦᠭᠡᠯ ᠳᠤ ᠪᠠᠰᠠ 12 | ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ ᠪᠦᠲᠦᠭᠡᠯ ᠪᠣᠶ᠃ ᠡᠳᠡᠭᠡᠷ ᠤᠷᠠᠨ ᠪᠢᠴᠢᠯᠭᠡ ᠪᠠ ᠭᠤᠷ | ᠰᠡᠶᠢᠯᠦᠮᠡᠯ ᠤᠨ ᠬᠡᠪ ᠨᠠᠮᠪᠠ ᠨᠢ ᠡᠷᠡᠰ ᠣᠨᠳᠣᠣ᠂ ᠥᠪᠡᠷ ᠥᠪᠡᠷ ᠤᠨ ᠣᠨᠴᠠᠯᠢᠭ ᠲᠠᠢ ᠪᠠᠶᠢᠵᠤ᠂ ᠮᠠᠰᠢ ᠣᠯᠠᠨ ᠤᠷᠠᠨ | ᠪᠢᠴᠢᠯᠭᠡ ᠳᠤ ᠪᠠᠭ᠋ᠠᠲᠠᠢ ᠬᠥᠮᠥᠰ ᠤᠨ ᠰᠣᠨᠢᠷᠬᠠᠯ ᠢ ᠲᠠᠲᠠᠵᠤ᠂ ᠤᠷᠠᠨ ᠪᠢᠴᠢᠯᠭᠡ ᠶᠢᠨ ᠷᠢᠳᠢ ᠰᠢᠳᠢ ᠶᠢ ᠣᠶᠢᠯᠠᠭᠠᠵᠤ᠂ | ᠪᠢᠷ ᠪᠡᠬᠡᠰ ᠤᠨ ᠰᠢᠯᠦᠭ ᠤᠨ ᠰᠡᠳᠬᠢᠯᠭᠡ ᠶᠢ ᠮᠡᠳᠡᠷᠡᠭᠦᠯᠪᠡ᠃ ︽ᠡᠨᠡ ᠤᠳᠠᠭᠠᠨ ᠤ ᠦᠵᠡᠬᠦᠯᠦᠯᠭᠡ ᠳᠤ ᠨᠡᠷᠡᠲᠦ | ᠬᠥᠮᠥᠰ ᠣᠯᠠᠨ᠂ ᠬᠢᠷᠢ ᠬᠡᠮᠵᠢᠶ᠎ᠡ ᠥᠨᠳᠥᠷ ᠪᠣᠯᠬᠤᠷ ᠪᠢᠳᠡ ᠭᠡᠷ ᠤᠨ ᠡᠭᠦᠳᠡᠨ ᠳᠡᠭᠡᠨ ᠤᠷᠠᠨ ᠪᠢᠴᠢᠯᠭᠡ ᠶᠢᠨ | ᠤᠷᠠᠯᠢᠭ ᠤᠨ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠦᠭᠰᠡᠨ ᠳᠤ ᠦᠨᠡᠬᠡᠷ ᠠᠵᠠ ᠵᠠᠪᠰᠢᠶᠠᠨ ᠲᠠᠢ ᠭᠡᠵᠦ | ᠰᠠᠨᠠᠭᠳᠠᠵᠤ ᠪᠠᠶᠢᠨ᠎ᠠ᠂ ᠪᠢ ᠴᠦ ᠶᠡᠷᠦ ᠶᠢᠨ ᠦᠶ᠎ᠡ ᠳᠡᠭᠡᠨ ᠤᠷᠠᠨ ᠪᠢᠴᠢᠯᠭᠡ ᠪᠢᠴᠢᠬᠦ ᠮᠠᠰᠢ ᠳᠤᠷᠠᠲᠠᠢ᠂ ᠨᠡᠷᠡᠲᠦ | ᠬᠥᠮᠥᠰ ᠤᠨ ᠪᠦᠲᠦᠭᠡᠯ ᠢ ᠢᠯᠡᠭᠦᠬᠡᠨ ᠰᠣᠨᠢᠷᠬᠠᠬᠤ ᠨᠢ ᠮᠠᠨ ᠤ ᠤᠷᠠᠨ ᠪᠢᠴᠢᠯᠭᠡ ᠪᠣᠯᠪᠠᠰᠤᠷᠠᠬᠤ ᠳᠤ ᠶᠡᠭᠡ ᠲᠤᠰᠠ | ᠪᠣᠯᠳᠠᠭ᠂ ᠬᠤᠶᠢᠰᠢᠳᠠ ᠡᠶᠢᠮᠦ ᠦᠵᠡᠬᠦᠯᠦᠯᠭᠡ ᠶᠢ ᠢᠯᠡᠭᠦᠬᠡᠨ ᠡᠷᠭᠢᠯᠡᠬᠦ ᠶᠢ ᠬᠦᠰᠡᠵᠦ ᠪᠠᠶᠢᠨ᠎ᠠ︾ ᠭᠡᠵᠦ ᠬᠤᠳᠠ ᠶᠢᠨ | ᠠᠷᠠᠳ ᠶᠠᠩ ᠰᠢ ᠰᠢᠶᠠᠩ ᠬᠡᠯᠡᠪᠡ᠃ | ᠦᠵᠡᠬᠦᠯᠦᠯᠭᠡ ᠶᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠳᠡᠮᠵᠢᠵᠦ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ᠡᠷᠭᠢᠯᠡᠵᠦ᠂ ᠳᠤᠮᠳᠠᠳᠤ | ᠤᠯᠤᠰ ᠤᠨ ᠤᠷᠠᠨ ᠪᠢᠴᠢᠯᠭᠡ ᠶᠢᠨ ᠬᠤᠲᠠ·ᠦᠬᠠᠢ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠳᠤᠮᠳᠠᠳᠤ ᠤᠯᠤᠰ ᠤᠨ ᠤᠷᠠᠨ | ᠪᠢᠴᠢᠯᠭᠡ ᠶᠢᠨ ᠬᠤᠲᠠ· ᠦᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ | ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ |