ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠡᠶᠡᠴᠢᠯᠡᠨ ᠣᠶᠢᠯᠠᠭᠠᠬᠤ ᠣᠷᠳᠣᠨ ᠤ ᠥᠪᠥᠷ ᠮᠣᠩᠭᠤᠯ ᠤᠨ ᠪᠡᠶᠡᠴᠢᠯᠡᠨ ᠣᠶᠢᠯᠠᠭᠠᠬᠤ ᠣᠷᠣᠨ ᠤ ᠦᠬᠠᠢ ᠬᠤᠳᠠ ᠶᠢᠨ ᠦᠵᠡᠭᠦᠯᠦᠯᠭᠡ ᠶᠢᠨ ᠲᠤᠭᠯᠠᠯᠳᠠ ᠶᠢᠨ ᠠᠵᠢᠯᠯᠠᠭ᠎ᠠ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/20
     9 ᠰᠠᠷ᠎ᠠ ᠶᠢᠨ 19 ᠤ ᠡᠳᠦᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠡᠶᠡᠴᠢᠯᠡᠨ ᠣᠶᠢᠯᠠᠭᠠᠬᠤ ᠣᠷᠳᠣᠨ ᠤ ᠥᠪᠥᠷ ᠮᠣᠩᠭᠤᠯ ᠤᠨ ᠪᠡᠶᠡᠴᠢᠯᠡᠨ ᠣᠶᠢᠯᠠᠭᠠᠬᠤ ᠣᠷᠣᠨ ᠤ ᠦᠬᠠᠢ ᠬᠤᠳᠠ ᠶᠢᠨ ᠦᠵᠡᠭᠦᠯᠦᠯᠭᠡ ᠶᠢᠨ ᠲᠤᠭᠯᠠᠯᠳᠠ ᠶᠢᠨ ᠠᠵᠢᠯᠯᠠᠭ᠎ᠠ ᠪᠡᠭᠡᠵᠢᠩ ᠳᠤ ᠶᠠᠪᠤᠭᠳᠠᠵᠤ᠂ ᠨᠡᠶᠢᠳᠡ 15 ᠵᠦᠢᠯ ᠤᠨ 500 ᠰᠢᠬᠠᠮ ᠦᠵᠡᠭᠦᠯᠦᠯᠭᠡ ᠶᠢᠨ ᠪᠣᠳᠠᠰ ᠢ ᠳᠡᠯᠭᠡᠨ ᠦᠵᠡᠭᠦᠯᠵᠦ᠂ 9 ᠰᠠᠷ᠎ᠠ ᠶᠢᠨ 24 ᠤ ᠡᠳᠦᠷ ᠪᠣᠯᠲᠠᠯ᠎ᠠ ᠦᠷᠭᠦᠯᠵᠢᠯᠡᠭᠦᠯᠦᠨ᠎ᠡ᠃      ᠦᠵᠡᠭᠦᠯᠦᠯᠭᠡ ᠶᠢᠨ ᠲᠤᠭᠯᠠᠯᠳᠠ ᠨᠢ ᠰᠦᠷ ᠪᠠᠳᠠᠷᠠᠩᠭᠤᠢ ᠮᠣᠷᠢᠨ ᠬᠤᠭᠤᠷ ᠤᠨ ᠨᠠᠶᠢᠷᠠᠯ ᠬᠥᠭᠵᠢᠮ ᠤᠨ ᠳᠤᠮᠳᠠ ᠬᠥᠰᠢᠭᠡ ᠪᠠᠨ ᠰᠡᠬᠦᠵᠦ᠂ ᠦᠬᠠᠢ ᠶᠢᠨ ᠤᠯᠠᠭᠠᠨᠮᠥ᠋ᠴᠢᠷ ᠪᠣᠯᠣᠨ ᠬᠤᠳᠠ ᠶᠢᠨ ᠳᠠᠭᠤᠷᠢᠯᠢᠭ ᠤᠨ ᠤᠷᠠᠯᠢᠭᠴᠢᠳ ᠤᠨ ᠨᠡᠶᠢᠭᠡᠮᠯᠢᠭ ᠤᠨ ᠲᠣᠭᠯᠠᠭᠴᠢᠳ ᠲᠣᠭᠤᠷᠢᠨ ᠦᠵᠡᠭᠴᠢᠳ ᠲᠤ ᠭᠤᠶᠢᠳᠠ ᠰᠠᠶᠢᠬᠠᠨ ᠲᠣᠭᠯᠠᠯᠲᠠ  ᠪᠠᠨ ᠡᠷᠭᠦᠨ ᠳᠡᠪᠰᠢᠭᠦᠯᠵᠡᠢ᠃ ᠦᠵᠡᠭᠦᠯᠦᠯᠭᠡ ᠶᠢᠨ ᠲᠣᠭᠯᠠᠯᠲᠠ ᠳᠤ ᠳᠤᠮᠳᠠᠳᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠣᠨ ᠵᠠᠢ᠂ ᠳᠤᠮᠳᠠᠳᠤ ᠶᠢᠨ ᠡᠮ ᠡᠮᠨᠡᠯᠭᠡ ᠶᠢᠨ ᠪᠡᠶᠡᠴᠢᠯᠡᠨ ᠣᠶᠢᠯᠠᠭᠠᠬᠤ ᠣᠷᠣᠨ ᠵᠠᠢ᠂ ᠳᠤᠮᠳᠠᠳᠤ ᠶᠢᠨ ᠳᠠᠭᠤᠤ ᠬᠥᠭᠵᠢᠮ ᠤᠨ ᠪᠡᠶᠡᠴᠢᠯᠡᠨ ᠣᠶᠢᠯᠠᠭᠠᠬᠤ ᠣᠷᠣᠨ ᠵᠠᠢ ᠵᠡᠷᠭᠡ ᠲᠠᠪᠤᠨ ᠦᠵᠡᠭᠦᠯᠦᠯᠭᠡ ᠶᠢᠨ ᠲᠣᠭᠤᠷᠢᠭ ᠭᠠᠷᠭᠠᠵᠠᠢ᠃ ᠪᠣᠳᠠᠲᠤ ᠪᠣᠳᠠᠰ ᠤᠨ ᠦᠵᠡᠭᠦᠯᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠯᠠᠯᠲᠠ᠂ ᠲᠣᠭᠯᠠᠯᠲᠠ ᠶᠢᠨ ᠬᠤᠷᠰᠢᠯᠴᠠᠭ᠎ᠠ᠂ ᠬᠦᠨ ᠮᠠᠶ᠋ᠢᠭ ᠤᠨ ᠣᠶᠢᠯᠠᠭᠠᠯᠲᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠠᠵᠢᠯ ᠤᠨ ᠳᠤᠮᠳᠠ ᠣᠯᠣᠭᠰᠠᠨ ᠢᠯᠡᠳᠲᠡ ᠠᠮᠵᠢᠯᠲᠠ ᠪᠠᠨ ᠭᠦᠨᠵᠡᠭᠡᠢ ᠲᠠᠶᠢᠯᠪᠤᠷᠢᠯᠠᠵᠤ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠬᠠᠢ ᠶᠢ ᠨᠠᠩ ᠭᠦᠨᠵᠡᠭᠡᠢ ᠣᠶᠢᠯᠠᠭᠠᠭᠤᠯᠵᠤ᠂ ᠦᠬᠠᠢ ᠳᠤ ᠬᠦᠷᠦᠯᠴᠡᠨ ᠢᠷᠡᠵᠦ᠂ ᠦᠬᠠᠢ ᠶᠢ ᠨᠡᠩ ᠬᠠᠶᠢᠷᠠᠯᠠᠬᠤ ᠪᠣᠯᠭᠠᠵᠠᠢ᠃      ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠲᠠᠷᠤᠭ᠎ᠠ᠂ ᠬᠤᠲᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠶᠠᠩ ᠳ᠋ᠢᠩ ᠰᠢᠨ᠄ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠡᠶᠡᠴᠢᠯᠡᠨ ᠣᠶᠢᠯᠠᠭᠠᠬᠤ ᠣᠷᠳᠣᠨ ᠤ ᠥᠪᠥᠷ ᠮᠣᠩᠭᠤᠯ ᠤᠨ ᠪᠡᠶᠡᠴᠢᠯᠡᠨ ᠣᠶᠢᠯᠠᠭᠠᠬᠤ ᠣᠷᠣᠨ ᠤ ᠲᠤᠰ ᠭᠠᠷᠠᠭ ᠤᠨ ᠡᠭᠡᠯᠵᠢ ᠶᠢᠨ ᠦᠵᠡᠭᠦᠯᠦᠯᠭᠡ ᠶᠢᠨ ᠬᠤᠲᠠ ᠪᠣᠯᠤᠭᠰᠠᠨ ᠤ ᠬᠤᠪᠢ ᠳᠤ᠂ ᠮᠠᠨ ᠤ ᠬᠤᠲᠠ ᠳᠡᠯᠭᠡᠨ ᠦᠵᠡᠭᠦᠯᠬᠦ᠂ ᠦᠵᠡᠭᠦᠯᠦᠯᠭᠡ ᠶᠢᠨ ᠲᠣᠭᠯᠠᠯᠲᠠ ᠪᠠ ᠪᠡᠶᠡᠴᠢᠯᠡᠨ ᠣᠶᠢᠯᠠᠭᠠᠬᠤ ᠬᠡᠯᠪᠡᠷᠢ ᠪᠠᠷ᠂ ᠦᠬᠠᠢ ᠶᠢᠨ ᠬᠠᠮᠤᠭ ᠤᠨ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠣᠯᠣᠨ ᠲᠥᠯᠥᠭᠡᠯᠡᠬᠦ ᠴᠢᠨᠠᠷᠲᠠᠢ ᠲᠠᠸᠠᠷ ᠢ ᠳᠡᠯᠭᠡᠨ ᠦᠵᠡᠭᠦᠯᠵᠦ᠂ ᠬᠠᠮᠤᠭ ᠤᠨ ᠰᠢᠭᠤᠳ ᠦᠵᠡᠮᠦᠷᠢ ᠶᠢᠨ ︿ᠦᠭᠡ ᠬᠡᠯᠡ﹀ ᠪᠠᠷ ᠦᠬᠠᠢ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠱᠤᠭᠤᠮ ᠪᠣᠯᠭᠠᠭᠰᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠦᠷ᠎ᠡ ᠪᠦᠲᠦᠭᠡᠯ ᠵᠢᠴᠢ ᠨᠡᠭᠡᠭᠡᠯᠲᠡᠲᠡᠢ ᠪᠠᠭᠲᠠᠭᠠᠮᠵᠢᠲᠠᠢ᠂ ᠪᠦᠬᠦᠨ ᠢ ᠪᠠᠭᠲᠠᠭᠠᠵᠤ ᠪᠦᠬᠦᠨ ᠢ ᠬᠠᠳᠠᠭᠠᠯᠠᠭᠰᠠᠨ ᠬᠤᠳᠠ ᠶᠢᠨ ᠳᠦᠷᠢ ᠲᠥᠷᠬᠦ ᠶᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠮᠦᠨ᠎ᠡ ᠪᠦᠬᠦ ᠲᠠᠯ᠎ᠠ ᠪᠠᠷ ᠳᠡᠯᠭᠡᠨ ᠦᠵᠡᠭᠦᠯᠵᠡᠢ︾ ᠭᠡᠵᠦ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map