9 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠵᠤᠭᠠᠴᠠᠯ ᠤᠨ ᠠᠵᠤ ᠦᠢᠯᠡᠰ ᠤᠨ ᠦᠵᠡᠰᠬᠦᠯᠡᠩ ︵ᠳᠣᠷᠣᠭᠰᠢ ︽ᠵᠢᠭᠤᠯᠴᠢᠯᠠᠯ ᠤᠨ | ᠦᠵᠡᠰᠬᠦᠯᠡᠩ︾ ᠭᠡᠵᠦ ᠳᠥᠭᠦᠮᠴᠢᠯᠡᠨ᠎ᠡ︶ ᠤᠯᠤᠰ ᠤᠨ ᠦᠵᠡᠰᠬᠦᠯᠡᠩ ᠤᠨ ᠲᠥᠪ ︵ᠲᠢᠶᠠᠨᠵᠢᠨ︶ ᠲᠤ ᠶᠠᠪᠤᠭᠳᠠᠵᠤ᠂ | 30 ᠭᠠᠷᠤᠢ ᠲᠦᠷᠦᠯ ᠤᠨ ᠰᠣᠶᠣᠯ ᠵᠢᠭᠤᠯᠴᠢᠯᠠᠯ ᠤᠨ ᠲᠠᠸᠠᠷ᠂ ᠣᠷᠣᠨ ᠪᠦᠰᠡ ᠶᠢᠨ ᠣᠨᠴᠠ ᠭᠠᠷᠤᠯᠲᠠ ᠶᠢ ᠥᠪᠥᠷ | ᠮᠣᠩᠭᠤᠯ ᠤᠨ ᠦᠵᠡᠰᠬᠦᠯᠡᠩ ᠤᠨ ᠲᠣᠭᠤᠷᠢᠭ ᠲᠤ ᠳᠡᠯᠭᠡᠨ ᠦᠵᠡᠭᠦᠯᠵᠦ᠂ 13 ᠲᠦᠮᠡ ᠰᠢᠬᠠᠮ ᠬᠥᠮᠥᠨ ᠤᠳᠠᠭ᠎ᠠ | ᠦᠵᠡᠰᠬᠦᠯᠡᠩ ᠢ ᠰᠣᠨᠢᠷᠬᠠᠵᠤ᠂ ᠥᠪᠥᠷ ᠮᠣᠩᠭᠤᠯ ᠤᠨ ᠦᠵᠡᠰᠬᠦᠯᠡᠩ ᠳᠤ ᠣᠷᠣᠯᠴᠠᠭᠰᠠᠨ 27 ᠬᠤᠳᠠᠯᠳᠤᠭᠠᠴᠢᠨ ᠳᠤ | 186 ᠲᠦᠮᠡᠨ ᠲᠥᠭᠦᠷᠢᠭ ᠤᠨ ᠬᠠᠮᠲᠤᠷᠠᠯᠴᠠᠭᠠᠨ ᠤ ᠵᠠᠬᠢᠶᠠᠯᠠᠭ᠎ᠠ ᠶᠢᠨ ᠬᠠᠭᠤᠳᠠᠰᠤ ᠶᠢ ᠠᠪᠴᠢᠷᠠᠭᠰᠠᠨ ᠪᠠᠶᠢᠨ᠎ᠠ᠃ | ᠲᠣᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ ᠠᠴᠠ ᠥᠪᠥᠷ ᠮᠣᠩᠭᠤᠯ ᠤᠨ ᠦᠵᠡᠭᠦᠯᠦᠯᠭᠡ ᠶᠢᠨ ᠬᠡᠰᠡᠭ ᠢ ᠮᠠᠨ ᠤ ᠬᠤᠲᠠ ᠳᠤ | ᠲᠠᠭᠠᠭᠠᠴᠢᠯᠠᠭᠤᠯᠪᠠ᠃ 4 ᠰᠠᠷ᠎ᠠ ᠰᠢᠬᠠᠮ ᠤᠨ ᠪᠠᠴᠢᠮ ᠪᠡᠯᠡᠳᠬᠡᠯ ᠢᠶᠠᠷ ᠳᠡᠮᠵᠢᠨ᠂ ᠮᠠᠨ ᠤ ᠬᠤᠲᠠ ᠶᠢᠨ | ᠦᠵᠡᠰᠬᠦᠯᠡᠩ ᠳᠤ ᠣᠷᠣᠯᠴᠠᠭᠰᠠᠨ 21 ᠬᠤᠳᠠᠯᠳᠤᠭᠠᠴᠢᠨ 300 ᠭᠠᠷᠤᠢ ︵ᠢᠵᠢ︶ ᠦᠬᠠᠢ ᠶᠢᠨ ᠰᠣᠶᠣᠯ | ᠵᠢᠭᠤᠯᠴᠢᠯᠠᠯ ᠤᠨ ᠰᠣᠳᠣᠨ ᠪᠦᠲᠦᠭᠡᠯ ᠢ ᠵᠢᠭᠤᠯᠴᠢᠯᠠᠯ ᠤᠨ ᠦᠵᠡᠰᠬᠦᠯᠡᠩ ᠳᠤ ᠠᠪᠴᠢᠷᠠᠵᠦ᠂ ᠡᠭᠦᠨ ᠳᠤ ᠬᠠᠲᠤᠨ | ᠭᠤᠣᠯ ᠤᠨ ᠰᠣᠶᠣᠯ ᠢᠶᠠᠷ ᠣᠩᠭᠤᠳ ᠪᠣᠯᠭᠠᠭᠰᠠᠨ ᠬᠠᠲᠤᠨ ᠭᠤᠣᠯ ᠤᠨ ᠴᠢᠯᠠᠭᠤᠨ ᠵᠢᠷᠤᠭ᠂ ᠬᠠᠲᠤᠨ ᠭᠤᠣᠯ ᠤᠨ | ᠰᠢᠪᠠᠷ ᠬᠡᠦᠬᠡᠯᠳᠡᠢ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ·ᠦᠬᠠᠢ︾ ᠪᠠᠷ ᠭᠤᠣᠯ ᠰᠡᠳᠦᠪ | ᠪᠣᠯᠭᠠᠭᠰᠠᠨ ᠪᠢᠴᠢᠯᠭᠡ ᠵᠢᠷᠤᠭ ᠤᠨ ᠪᠦᠲᠦᠭᠡᠯ᠂ ︽ᠦᠬᠠᠢ · ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ | ᠪᠢᠴᠢᠯᠭᠡ ᠤᠷᠠᠯᠢᠭ ᠤᠨ ᠣᠷᠳᠣᠨ︾ ᠢᠶᠠᠷ ᠳᠦᠷᠰᠦ ᠪᠤᠯᠭᠠᠭᠰᠠᠨ ᠡᠬᠡᠰᠢᠭᠯᠡᠬᠦᠷ᠂ ︽ᠨᠡᠷᠡᠨ ᠰᠠᠬᠢᠭᠤᠯᠰᠤᠨ︾ | ᠣᠷᠠᠨᠳᠦ᠋ᠰᠢ ᠠᠭᠤᠯᠠ ᠶᠢᠨ ᠬᠠᠲᠠᠨ ᠵᠢᠷᠤᠭ ᠤᠨ ᠡᠯᠧᠮᠧᠨ᠋ᠲ ᠢᠶᠠᠷ ᠦᠢᠯᠡᠳᠦᠭᠰᠡᠨ ᠴᠠᠢ ᠶᠢᠨ ᠬᠡᠷᠡᠭᠰᠡᠯ ᠵᠢᠴᠢ | ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢᠶᠠᠷ ᠭᠤᠣᠯ ᠰᠡᠳᠦᠪ ᠪᠣᠯᠭᠠᠭᠰᠠᠨ ᠲᠠᠮᠠᠭ᠎ᠠ ᠵᠢᠷᠤᠭ ᠵᠡᠷᠭᠡ | ᠪᠠᠭᠲᠠᠨ᠎ᠠ᠃ | ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ᠂ ᠦᠬᠠᠢ ᠶᠢᠨ ᠤᠯᠠᠭᠠᠨᠮᠥ᠋ᠴᠢᠷ ᠤᠨ | ᠬᠢᠨ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠳᠠᠭᠤᠤ ︽ᠬᠤᠨ ᠭᠠᠯᠠᠭᠤ︾᠂ ᠪᠥᠵᠢᠭ ︽ᠡᠯᠡᠰᠦᠨ ᠴᠦᠯ ᠳᠠᠬᠢ | ᠪᠠᠷᠢᠯᠳᠤᠯᠭ᠎ᠠ︾᠂ ᠮᠣᠷᠢᠨ ᠬᠤᠭᠤᠷ ᠤᠨ ᠲᠣᠭᠯᠠᠯᠲᠠ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠵᠤ᠂ | ︽ᠡᠯᠡᠰᠦᠨ ᠮᠠᠩᠬᠠᠨ ᠳᠠᠬᠢ ᠠᠭᠤᠯᠠᠨ ᠬᠤᠳᠠ︾ ᠶᠢᠨ ᠥᠪᠡᠷᠮᠢᠴᠡ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠪᠦᠬᠦ | ᠲᠠᠯ᠎ᠠ ᠪᠠᠷ ᠳᠡᠯᠭᠡᠨ ᠦᠵᠡᠭᠦᠯᠵᠡᠢ᠃ ︽ᠵᠢᠭᠤᠯᠴᠢᠯᠠᠯ ᠤᠨ ᠦᠵᠡᠰᠬᠦᠯᠡᠩ ᠳᠤ᠂ ᠪᠢ ᠥᠪᠥᠷ ᠮᠣᠩᠭᠤᠯ ᠤᠨ ᠤᠷᠠᠨ | ᠰᠠᠶᠢᠬᠠᠨ ᠤ ᠲᠣᠭᠯᠠᠯᠲᠠ ᠶᠢ ᠣᠯᠵᠤ ᠬᠠᠷᠠᠪᠠ᠂ ᠮᠠᠰᠢ ᠭᠤᠶᠢᠳᠠ ᠰᠠᠶᠢᠬᠠᠨ︕ ᠳᠠᠭᠤᠤ ᠬᠥᠭᠵᠢᠮ ᠰᠣᠨᠣᠰᠪᠤᠷᠢᠲᠠᠢ᠂ | ᠪᠥᠵᠢᠭ ᠰᠠᠶᠢᠬᠠᠨ ᠪᠠᠶᠢᠨ᠎ᠠ᠂ ᠵᠠᠪᠰᠢᠶᠠᠨ ᠲᠣᠬᠢᠶᠠᠯᠳᠤᠪᠠᠯ ᠪᠢᠳᠡ ᠪᠦᠬᠦ ᠭᠡᠷ ᠢᠶᠠᠷ ᠢᠶᠠᠨ ᠥᠪᠥᠷ ᠮᠣᠩᠭᠤᠯ ᠳᠤ | ᠵᠤᠭᠠᠴᠠᠬᠤ ᠪᠠᠷ ᠶᠠᠪᠤᠨ᠎ᠠ︾ ᠭᠡᠵᠦ ᠬᠤᠪᠧᠢ ᠮᠤᠵᠢ ᠠᠴᠠ ᠢᠷᠡᠭᠰᠡᠨ ᠯᠢ ᠹᠦ᠋ ᠿᠦᠩ ᠬᠡᠯᠡᠪᠡ᠃ | ᠴᠢᠨᠠᠷ ᠰᠠᠶᠢᠲᠠᠢ᠂ ᠪᠠᠶᠠᠯᠢᠭ ᠰᠠᠶᠢᠬᠠᠨ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ᠂ ᠤᠳᠬ᠎ᠠ | ᠤᠷᠠᠯᠢᠭ ᠤᠨ ᠪᠦᠲᠦᠭᠡᠯ ᠨᠢ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠨᠢᠩᠭᠦᠢ | ᠬᠥᠭᠵᠢᠯᠲᠡ ᠶᠢ ᠬᠠᠷᠠᠭᠤᠯᠵᠤ᠂ ᠳᠡᠯᠡᠬᠡᠢ ᠶᠢᠨ ᠡᠯ᠎ᠡ ᠭᠠᠵᠠᠷ ᠠᠴᠠ ᠢᠷᠡᠭᠰᠡᠨ ᠦᠵᠡᠰᠬᠦᠯᠡᠩ ᠳᠤ ᠣᠷᠣᠯᠴᠠᠭᠰᠠᠨ | ᠨᠢᠭᠡᠴᠡ᠂ ᠲᠣᠭᠤᠷᠢᠨ ᠦᠵᠡᠭᠴᠢᠳ ᠲᠤ ︽ᠬᠠᠳᠤᠨ ᠭᠤᠣᠯ ᠤᠨ ᠬᠡᠷᠡᠯᠳᠦ ᠰᠤᠪᠤᠳ︾ ︽ᠤᠷᠠᠨ ᠪᠢᠴᠢᠯᠭᠡ ᠶᠢᠨ | ᠬᠤᠳᠠ︾ ︽ᠬᠠᠷ᠎ᠠ ᠠᠯᠳᠠᠨ ᠲᠠᠯᠠᠢ︾ ︽ᠡᠯᠡᠰᠦᠨ ᠴᠦᠯ ᠤᠨ ᠨᠣᠭᠤᠭᠠᠨ ᠪᠦᠷᠢᠳᠦ︾ ︽ᠦᠵᠦᠮ ᠤᠨ ᠨᠤᠲᠤᠭ︾ | ︽ᠴᠢᠯᠠᠭᠤ ᠰᠤᠨᠢᠷᠬᠠᠬᠤ ᠬᠤᠳᠠ︾ ᠵᠡᠷᠭᠡ ᠵᠢᠷᠭᠤᠭᠠᠨ ᠠᠯᠳᠠᠨ ᠨᠡᠷᠡᠰ ᠤᠨ ᠬᠠᠭᠤᠳᠠᠰᠤ ᠶᠢ ᠲᠡᠯᠭᠡᠨ ᠦᠵᠡᠬᠦᠯᠪᠡ᠃ | ᠲᠤᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠤᠨ ᠲᠠᠯᠠᠪᠠᠢ 12 ᠲᠦᠮᠡᠨ ᠲᠡᠭᠰᠢ ᠳᠥᠷᠪᠡᠯᠵᠢᠨ | ᠮᠧᠲᠷ ᠢ ᠳᠠᠪᠠᠵᠤ᠂ 8 ᠦᠵᠡᠰᠬᠦᠯᠡᠩ ᠤᠨ ᠣᠷᠳᠣᠨ᠂ 7 ᠲᠣᠮᠣ ᠦᠵᠡᠰᠬᠦᠯᠡᠩ ᠤᠨ ᠲᠣᠭᠤᠷᠢᠭ ᠲᠠᠢ᠂ ᠨᠡᠶᠢᠲᠡ 31 | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠰᠣᠶᠣᠯ ᠵᠢᠭᠤᠯᠴᠢᠯᠠᠯ ᠤᠨ ᠰᠠᠯᠠᠭ᠎ᠠ | ᠮᠥᠴᠢᠷ ᠪᠣᠯᠣᠨ 2000 ᠭᠠᠷᠤᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ | ᠥᠩᠭᠡᠷᠡᠭᠰᠡᠨ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠤᠨ ᠬᠡᠪᠴᠢᠶ᠎ᠡ ᠪᠠᠷ ᠬᠠᠮᠤᠭ ᠤᠨ ᠶᠡᠭᠡ ᠨᠢ ᠪᠣᠯᠪᠠ᠃ | ᠵᠢᠭᠤᠯᠴᠢᠯᠠᠯ ᠤᠨ ᠦᠵᠡᠰᠬᠦᠯᠡᠩ ᠤᠨ ᠡᠨᠡ ᠬᠦ ᠲᠠᠪᠴᠠᠩ ᠳᠤ ᠲᠦᠰᠢᠭᠯᠡᠨ᠂ 9 ᠰᠠᠷ᠎ᠠ ᠶᠢᠨ 2 ᠤᠨ | ᠦᠳᠡ ᠶᠢᠨ ᠬᠤᠶᠢᠨ᠎ᠠ᠂ 2023 ︽ᠦᠬᠠᠢ ᠶᠢᠨ ᠰᠣᠶᠣᠯ ᠵᠢᠭᠤᠯᠴᠢᠯᠠᠯ ᠤᠨ ᠲᠦᠮᠡᠨ ᠭᠠᠵᠠᠷ ᠤᠨ ᠠᠶᠠᠯᠠᠯ︾ | ᠲᠢᠶᠠᠨᠵᠢᠨ ᠳᠤ ᠬᠤᠳᠠᠯᠳᠣᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠬᠢᠵᠦ᠂ ᠦᠬᠠᠢ ᠶᠢᠨ ᠰᠣᠶᠣᠯ | ᠵᠢᠭᠤᠯᠴᠢᠯᠠᠯ ᠤᠨ ᠪᠦᠯᠦᠭᠯᠡᠯ᠂ ᠥᠪᠥᠷ ᠮᠣᠩᠭᠤᠯ ᠤᠨ ᠰᠢᠨ ᠱᠢ ᠵᠢᠢ ᠺᠠᠩ ᠾᠦᠢ ᠶᠢᠨ ᠦᠬᠠᠢ ᠳᠠᠬᠢ ᠤᠯᠠᠨ | ᠤᠯᠤᠰ ᠤᠨ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠲᠤᠰ ᠲᠤᠰ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠪᠣᠯᠣᠨ ᠰᠣᠳᠣᠨ | ᠵᠢᠭᠤᠯᠴᠢᠯᠠᠯ ᠤᠨ ᠱᠤᠭᠤᠮ ᠳᠤ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ ᠳᠡᠯᠡᠬᠡᠢ ᠶᠢᠨ ᠡᠯ᠎ᠡ ᠭᠠᠵᠠᠷ ᠠᠴᠠ | ᠢᠷᠡᠭᠰᠡᠨ ᠠᠵᠤ ᠠᠬᠤᠶᠢᠯᠠᠯᠲᠠᠨ ᠢ ᠤᠷᠢᠵᠤ ᠦᠬᠠᠢ ᠳᠤ ᠪᠡᠯᠡ ᠣᠷᠣᠭᠤᠯᠤᠨ ᠦᠢᠯᠡᠰ ᠪᠣᠰᠬᠠᠵᠤ᠂ ᠥᠷᠭᠡᠨ ᠤᠯᠠᠨ | ᠵᠤᠭᠠᠴᠠᠭᠰᠠᠳ ᠢ ᠦᠬᠠᠢ ᠳᠤ ᠵᠤᠭᠠᠴᠠᠭᠤᠯᠬᠤ ᠪᠠᠷ ᠤᠷᠢᠪᠠ᠃ | ︽ᠲᠤᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠳᠤ ᠦᠬᠠᠢ ᠨᠠᠭᠤᠷ ᠤᠨ ᠰᠡᠯᠡᠭᠦᠴᠡᠯ | ᠵᠢᠭᠤᠯᠴᠢᠯᠠᠯ ᠤᠨ ᠣᠷᠣᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠥᠭᠡᠷᠡᠴᠢᠯᠡᠯᠲᠡ ᠶᠢ ᠭᠤᠣᠯᠳᠠᠯᠭ᠎ᠠ ᠲᠠᠢ | ᠲᠠᠨᠢᠯᠴᠠᠭᠤᠯᠵᠤ᠂ ᠦᠬᠠᠢ ᠶᠢᠨ ᠰᠠᠭᠤᠭᠳᠠᠯ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 2 ᠲᠦᠷᠦᠯ ᠵᠦᠢᠯ ᠢ ᠲᠠᠨᠢᠯᠴᠠᠭᠤᠯᠪᠠ᠂ ᠣᠳᠣᠬᠠᠨ ᠳᠤ ᠨᠢᠭᠡᠨᠲᠡ | ᠨᠢᠭᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠴᠠ ᠪᠢᠳᠡᠨ ᠲᠠᠢ ᠬᠠᠮᠲᠤᠷᠠᠯᠴᠠᠭᠠᠨ ᠤ ᠰᠠᠨᠠᠮᠵᠢ ᠲᠠᠢ ᠪᠤᠯᠵᠦ᠂ | ᠲᠦᠷᠦᠯ ᠵᠦᠢᠯ ᠦᠷᠭᠦᠯᠵᠢᠯᠡᠨ ᠶᠠᠪᠤᠭᠳᠠᠬᠤ ᠪᠤᠯᠤᠨ᠎ᠠ︾ ᠭᠡᠵᠦ ᠦᠬᠠᠢ ᠶᠢᠨ ᠰᠣᠶᠣᠯ ᠵᠢᠭᠤᠯᠴᠢᠯᠠᠯ ᠤᠨ | ᠪᠦᠯᠦᠭᠯᠡᠯ ᠤᠨ ᠲᠥᠯᠦᠪᠵᠢᠭᠦᠯᠭᠡ ᠠᠭᠠᠷ ᠤᠨ ᠠᠶᠠᠯᠠᠯ ᠤᠨ ᠬᠥᠭᠵᠢᠯᠲᠡ ᠶᠢᠨ ᠬᠡᠯᠳᠡᠰ ᠤᠨ ᠲᠠᠷᠤᠭ᠎ᠠ ᠮᠠ ᠴᠦᠨ ᠿᠤ᠋ | ᠲᠠᠨᠢᠯᠴᠠᠭᠤᠯᠪᠠ᠃ | ︽ᠲᠤᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠲᠡᠭᠦᠰ ᠠᠮᠵᠢᠯᠲᠠ ᠲᠠᠢ ᠥᠨᠳᠥᠷᠯᠡᠪᠡ᠂ ᠭᠡᠪᠡᠴᠦ | ᠪᠢᠳᠡᠨ ᠤ ᠠᠯᠬᠤᠭ᠎ᠠ ᠵᠣᠭᠰᠣᠰᠢ ᠦᠭᠡᠢ ᠶᠤᠮ᠃ ᠵᠠᠯᠭᠠᠭᠠᠳ ᠪᠢᠳᠡ ᠦᠷᠭᠦᠯᠵᠢᠯᠡᠨ ᠭᠠᠳᠠᠭᠠᠳᠤ ᠲᠠᠢ ᠬᠤᠯᠪᠣᠭᠠᠯᠠᠵᠤ᠂ | ᠰᠣᠯᠢᠯᠴᠠᠭ᠎ᠠ ᠰᠤᠷᠤᠯᠴᠠᠯᠭ᠎ᠠ ᠪᠠᠨ ᠥᠷᠭᠡᠳᠬᠡᠨ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠤᠨ ᠠᠵᠤ ᠦᠢᠯᠡᠰ ᠤᠨ ︿ᠦᠨ᠎ᠡ ᠴᠠᠨ᠎ᠠ﹀ ᠪᠠᠨ ᠳᠡᠭᠡᠭᠰᠢᠯᠡᠭᠦᠯᠵᠦ᠂ ᠦᠬᠠᠢ ᠶᠢ ᠨᠠᠩ ᠣᠯᠠᠨ | ᠵᠤᠭᠠᠴᠠᠭᠰᠠᠳ ᠤᠨ ᠵᠣᠷᠴᠢᠬᠤ ᠭᠠᠵᠠᠷ ᠪᠣᠯᠭᠠᠬᠤ ᠶᠢ ᠠᠬᠢᠭᠤᠯᠤᠨ᠎ᠠ︾ ᠭᠡᠵᠦ ᠬᠤᠲᠠ ᠶᠢᠨ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠳᠡᠳ᠋ ᠳᠠᠷᠤᠭ᠎ᠠ ᠺᠠᠩ ᠵᠢᠩ ᠬᠡᠯᠡᠵᠡᠢ᠃ |