9 ᠰᠠᠷ᠎ᠠ ᠶᠢᠨ 5 ᠤ ᠡᠳᠦᠷ᠂ ᠮᠠᠨ ᠤ ᠬᠤᠲᠠ 2023 ᠣᠨ ᠤ ︽ᠶᠠᠰᠤ ᠴᠢᠨᠠᠷ ᠤᠨ ᠰᠠᠷ᠎ᠠ︾ ᠶᠢᠨ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ | ᠲᠤᠷᠰᠢᠯᠭ᠎ᠠ ᠶᠢᠨ ᠲᠤᠬᠠᠢ ᠶᠢᠨ ᠲᠠᠯᠠᠪᠠᠶ ᠶᠢᠨ ᠰᠣᠯᠢᠯᠴᠠᠭᠠᠨ ᠤ ᠬᠤᠷᠠᠯ ᠡᠷᠭᠢᠯᠡᠪᠡ᠃ | ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ | ᠭᠤᠶᠤᠴᠢᠯᠠᠭᠰᠠᠨ ᠠᠵᠤ ᠠᠬᠤᠶᠢᠯᠠᠯ᠂ ᠮᠠᠨ ᠤ ᠬᠤᠲᠠ ᠶᠢᠨ ᠭᠤᠷᠪᠠᠳᠤᠭᠠᠷ ᠬᠤᠭᠤᠴᠠᠭᠠᠨ ᠤ ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠣᠭᠰᠠᠨ ᠠᠵᠤ ᠠᠬᠤᠶᠢᠯᠠᠯ ᠲᠤᠷᠰᠢᠯᠭ᠎ᠠ ᠪᠠᠨ ᠰᠣᠯᠢᠯᠴᠠᠪᠠ᠃ | ᠡᠨᠡ ᠵᠢᠯ ᠤᠨ 9 ᠰᠠᠷ᠎ᠠ ᠪᠣᠯ 46 ᠳ᠋ᠤᠭᠠᠷ ᠪᠦᠬᠦ ᠤᠯᠤᠰ ᠤᠨ ︽ᠶᠠᠰᠤ ᠴᠢᠨᠠᠷ ᠤᠨ ᠰᠠᠷ᠎ᠠ︾ ᠪᠣᠯᠣᠨ᠎ᠠ᠂ | ᠭᠤᠣᠯ ᠰᠡᠳᠦᠪ ᠨᠢ ︽ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠶ᠎ᠠ︾ ᠪᠣᠯᠣᠨ᠎ᠠ᠃ ᠮᠠᠨ ᠤ ᠬᠤᠲᠠ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠪᠥᠬᠦ ᠬᠤᠲᠠ ᠶᠢᠨ ᠬᠡᠪᠴᠢᠶᠡᠨ ᠳᠤ ᠶᠠᠰᠤ ᠴᠢᠨᠠᠷ ᠤᠨ ᠬᠢᠴᠢᠶᠡᠯ ᠤᠨ ᠲᠠᠩᠬᠢᠮ᠂ ᠶᠠᠰᠤ ᠴᠢᠨᠠᠷ ᠤᠨ | ᠦᠢᠯᠡᠴᠢᠯᠡᠭᠡ᠂ ᠶᠠᠰᠤ ᠴᠢᠨᠠᠷ ᠢᠶᠠᠷ ᠠᠷᠠᠳ ᠲᠤ ᠠᠰᠢᠭ ᠬᠦᠷᠲᠡᠭᠡᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠨᠠᠩ ᠣᠯᠠᠨ ᠠᠵᠤ ᠠᠬᠤᠶᠢᠯᠠᠯ᠂ ᠬᠡᠷᠡᠭᠯᠡᠭᠴᠢᠳ ᠢ ᠰᠠᠶᠢᠨ ᠳᠤᠷ᠎ᠠ ᠠᠴᠠ ᠪᠠᠨ ᠶᠠᠰᠤ ᠴᠢᠨᠠᠷ ᠤᠨ | ᠳᠡᠭᠡᠭᠰᠢᠯᠡᠯᠲᠡ ᠳᠤ ᠣᠷᠣᠯᠴᠠᠭᠤᠯᠤᠨ᠎ᠠ᠃ | ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠶᠠᠰᠤ ᠴᠢᠨᠠᠷ ᠢᠶᠠᠷ ᠬᠤᠲᠠ ᠪᠠᠨ ᠬᠥᠭᠵᠢᠭᠦᠯᠬᠦ᠂ ᠶᠠᠰᠤ | ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠤᠷᠢᠳ ᠬᠤᠵᠢᠳ ᠬᠡᠷᠡᠭᠵᠢᠭᠦᠯᠵᠦ᠂ | ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠤ᠂ | ᠳᠡᠭᠡᠳᠦ ᠳᠠᠪᠬᠤᠷᠭ᠎ᠠ ᠪᠠᠷ ᠠᠬᠢᠭᠤᠯᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠠᠵᠤ ᠠᠬᠤᠶᠢᠯᠠᠯ | ᠰᠠᠨᠠᠭᠠᠴᠢᠯᠠᠭ᠎ᠠ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠪᠥᠬᠦ ᠬᠤᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ | ᠪᠠᠶᠢᠨ᠎ᠠ᠃ |