ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨᠰᠠᠬᠢᠯᠭᠠ ᠪᠠᠲᠤ ᠪᠠᠶᠢᠴᠠᠭᠠᠬᠤ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ | ︵2024 ᠣᠨ ᠤ 1 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠪᠠᠲᠤᠯᠠᠪᠠ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ 2024 ᠣᠨ ᠤ 1 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠡᠨᠡ | ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ 132 ᠬᠥᠮᠥᠨ | ᠣᠷᠣᠯᠴᠠᠵᠤ᠂ 238 ᠬᠥᠮᠥᠨ ᠰᠤᠯᠠ ᠣᠷᠣᠯᠴᠠᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠵᠠᠢ᠃ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠵᠡᠷᠭᠡ ᠨᠠᠮ | ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠪᠠ᠃ | ᠪᠦᠭᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠭᠢᠯᠡᠪᠡ᠃ | ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠢ ᠡᠷᠭᠢᠴᠡᠭᠦᠯᠵᠦ᠂ 2024 ᠣᠨ ᠤ ᠡᠭᠦᠷᠭᠡ ᠶᠢ ᠪᠠᠶᠢᠷᠢᠯᠠᠭᠤᠯᠵᠤ᠂ ᠯᠢ ᠰᠢ ᠨᠥᠬᠦᠷ ᠤᠨ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠭᠦᠨᠵᠡᠭᠡᠢ ᠣᠶᠢᠯᠠᠭᠠᠪᠠ᠃ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ | ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠭᠤᠷᠪᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠥᠪᠡᠷ ᠪᠡᠶ᠎ᠡ ᠶᠢᠨ | ᠬᠤᠪᠢᠰᠬᠠᠯ ᠢ ᠠᠬᠢᠭᠤᠯᠬᠤ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠢᠯᠵᠠᠷᠠᠯ ᠢ | ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ ᠬᠦᠰᠡᠯ | ᠲᠠᠯᠪᠢᠵᠤ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠠᠷᠠᠭ᠎ᠠ ᠥᠷᠭᠡᠨ᠂ ᠦᠵᠡᠯ | ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠪᠠᠶᠠᠯᠢᠭ ᠪᠠᠶᠢᠵᠤ᠂ ᠮᠠᠨ ᠤ ᠨᠠᠮ ᠤᠨ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠳᠡᠭᠡᠳᠦ ᠬᠡᠮᠵᠢᠶᠡᠨ ᠤ | ᠤᠬᠠᠮᠰᠠᠷ ᠢ ᠭᠦᠢᠴᠡᠳ ᠢᠯᠡᠷᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯᠪᠡᠭ | ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠣᠯᠣᠨ ᠴᠢᠬᠤᠯᠠ ᠤᠨᠤᠯ ᠤᠨ ᠦᠷ᠎ᠡ ᠪᠦᠲᠦᠭᠡᠯ ᠢ ᠨᠢᠭᠲᠠᠷᠠᠭᠤᠯᠵᠤ᠂ ᠪᠦᠭᠦ | ᠨᠠᠮ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠰᠢᠨ᠎ᠡ ᠠᠶᠠᠨ ᠳᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠣᠨ | ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠶᠢᠪᠢᠰᠢ ᠦᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ | ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠲᠠᠢ ᠦᠨᠡᠨ ᠬᠦ ᠨᠢᠭᠡᠳᠬᠡᠵᠦ᠂ ᠰᠢᠨ᠎ᠡ | ᠠᠶᠠᠨ ᠳᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠰᠢᠨ᠎ᠡ ᠪᠠᠶᠢᠳᠠᠯ ᠢ ᠨᠡᠭᠡᠭᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | ᠪᠦᠭᠦᠳᠡ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠮᠥᠨ ᠴᠤ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠲᠤ ᠦᠶ᠎ᠡ ᠰᠢᠯᠵᠢᠭᠦᠯᠦᠭᠰᠡᠨ ᠤ ᠳᠠᠷᠠᠭᠠᠬᠢ | ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ | ᠨᠡᠷᠡᠮᠵᠢᠲᠦ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠤᠷᠤᠭᠰᠢᠯᠠᠪᠠ᠃ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠤᠳᠤᠷᠢᠳᠬᠤ ᠪᠠᠭ᠂ ᠰᠢᠨ᠎ᠡ | ᠳᠦᠷᠢ ᠲᠥᠷᠬᠦ᠂ ᠰᠢᠨ᠎ᠡ ᠪᠠᠶᠢᠳᠠᠯ᠂ ᠰᠢᠨ᠎ᠡ ᠠᠮᠵᠢᠯᠲᠠ ᠪᠦᠲᠦᠮᠵᠢ︾ ᠶᠢᠨ ᠲᠤᠬᠠᠢ ᠬᠦᠰᠡᠯ ᠡᠷᠡᠮᠡᠯᠵᠡᠯ ᠱᠠᠭᠠᠷᠳᠠᠯᠭ᠎ᠠ ᠶᠢ ᠪᠠᠲᠤ | ᠴᠡᠭᠡᠵᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠪᠠᠷ | ᠭᠤᠣᠯ ᠰᠢᠵᠢᠮ ᠪᠤᠯᠭᠠᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠡᠭᠦᠷᠭᠡ ᠬᠠᠷᠢᠭᠤᠴᠠᠯᠭ᠎ᠠ ᠪᠤᠯᠭᠠᠵᠤ᠂ ᠲᠣᠮᠣ ᠨᠠᠮ ᠳᠤ ᠯᠡ ᠪᠠᠶᠢᠳᠠᠭ ᠬᠦᠴᠢᠷ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠪᠠᠷ | ᠬᠠᠷᠠᠯᠲᠠ ᠴᠢᠭᠯᠡᠯ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠠ ᠪᠦᠭᠦ ᠤᠯᠤᠰ ᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ | ᠭᠤᠣᠯᠳᠠᠯᠭ᠎ᠠ ᠪᠤᠯᠭᠠᠵᠤ᠂ ᠭᠦᠨᠵᠡᠭᠡᠢ ᠰᠤᠷᠤᠯᠴᠠᠬᠤ᠂ ᠪᠣᠳᠠᠲᠤ ᠪᠠᠶᠢᠴᠠᠭᠠᠨ ᠰᠤᠳᠤᠯᠤᠯᠲᠠ ᠬᠢᠬᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ᠂ ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ | ᠠᠮᠢᠰᠬᠤᠯ ᠢᠶᠠᠷ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠠᠷᠠᠯ ᠢ ᠡᠰᠡᠷᠭᠦᠴᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ | ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠬᠢᠴᠢᠶᠡᠯ ᠪᠤᠯᠭᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠲᠠᠪᠤᠨ ᠵᠢᠯ ᠢ ᠪᠣᠳᠣᠯᠬᠢᠯᠠᠨ | ᠪᠠᠶᠢᠷᠢᠯᠠᠭᠤᠯᠵᠤ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪ ᠴᠢᠭᠯᠡᠯ ᠢ | ᠪᠠᠲᠤ ᠡᠵᠡᠮᠳᠡᠪᠡ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠡᠳᠬᠢᠯ ᠲᠠᠯᠪᠢᠨ ᠰᠡᠳᠬᠢᠯᠭᠡ ᠲᠠᠢ ᠪᠠᠷ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ︽ᠬᠤᠶᠠᠷ ᠢ | ᠬᠠᠮᠠᠭᠠᠯᠠᠬᠤ︾ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠭᠴᠢ ᠴᠡᠷᠢᠭ ᠠᠩᠭᠢ ᠶᠢ ᠪᠠᠶᠢᠭᠤᠯᠬᠤ ᠶᠢ ᠴᠢᠩᠭ᠎ᠠ ᠬᠠᠮᠢᠶᠠᠷᠴᠤ | ᠴᠢᠩᠭ᠎ᠠ ᠵᠠᠰᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ | ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠨ᠎ᠡ ᠠᠶᠠᠨ ᠳᠤ ᠰᠠᠶᠢᠨ ᠡᠭᠢᠯᠡᠯᠲᠡ ᠲᠠᠢ | ᠰᠠᠶᠢᠲᠤᠷ ᠡᠬᠢᠯᠡᠭᠦᠯᠬᠦ ᠶᠢ ᠪᠠᠲᠤᠯᠠᠪᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ | ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠪᠡᠶ᠎ᠡ ᠶᠢᠨ ᠲᠠᠮᠢᠷ᠂ | ᠨᠠᠪᠴᠢᠨ ᠲᠠᠮᠠᠬᠢ᠂ ᠡᠮ ᠡᠮᠨᠡᠯᠭᠡ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠲᠤᠭ᠎ᠠ ᠪᠦᠷᠢᠳᠬᠡᠯ ᠵᠡᠷᠭᠡ | ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ | ᠢᠯᠵᠠᠷᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠠᠷᠢᠯᠭᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ | ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠭᠢᠯᠪᠠᠷ ᠪᠤᠰᠤ ᠪᠠᠷ | ᠣᠯᠣᠭᠰᠠᠨ ᠳᠡᠶᠢᠯᠦᠩᠭᠦᠢ ᠴᠢᠨᠠᠷᠲᠠᠢ ᠢᠯᠠᠯᠲᠠ ᠶᠢ ᠪᠦᠭᠦ ᠲᠠᠯ᠎ᠠ ᠪᠠᠷ ᠪᠠᠬᠢᠵᠢᠭᠦᠯᠪᠡ᠃ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠵᠠᠯᠠᠷᠠᠭᠤᠯᠬᠤ ᠱᠤᠭᠤᠬᠤ ᠶᠢ ᠵᠡᠷᠭᠡ ᠪᠠᠷ ᠴᠢᠬᠤᠯᠠᠴᠢᠯᠠᠵᠤ | ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠪᠦᠲᠦᠮᠵᠢᠲᠡᠢ ᠪᠠᠶᠢᠬᠤ ᠶᠢ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠠᠬᠢᠭᠤᠯᠬᠤ ᠪᠠ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠨᠢᠭᠡᠳᠬᠡᠪᠡ᠃ ᠤᠯᠤᠰ ᠲᠦᠷᠦ ᠶᠢᠨ | ᠲᠣᠭᠤᠷᠢᠨ ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠲᠥᠪ ᠠᠴᠠ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠴᠢᠨᠠᠷ | ᠰᠠᠶᠢᠲᠠᠢ ᠪᠡᠶᠡᠯᠡᠭᠦᠯᠪᠡ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠨᠠᠮ ᠤᠨ ᠲᠥᠪ ᠬᠤᠷᠢᠶ᠎ᠠ ᠶᠢ ᠬᠠᠮᠵᠢᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠳᠤ | ᠵᠠᠰᠠᠪᠤᠷᠢ ᠣᠷᠣᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠳᠦᠷᠢᠮ ᠤᠨ ᠵᠢᠷᠤᠮᠵᠢᠯ ᠤᠨ ᠰᠢᠰᠲ᠋ᠧᠮ ᠢ | ᠲᠡᠭᠦᠯᠳᠡᠷᠵᠢᠭᠦᠯᠬᠦ ᠶᠢ ᠠᠬᠢᠭᠤᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ | ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ ᠰᠢᠢᠳᠪᠦᠷᠢᠯᠡᠪᠡ ᠭᠡᠵᠦ ᠵᠢᠭᠠᠵᠤ | ᠭᠠᠷᠭᠠᠪᠠ᠃ | ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ | ᠫᠢᠩ ᠪᠦᠭᠦ ᠨᠠᠮ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠴᠢᠩᠭ᠎ᠠ ᠡᠷᠴᠢᠮ ᠢᠶᠠᠷ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠪᠦᠲᠦᠭᠡᠯᠴᠢ ᠴᠢᠨᠠᠷᠲᠠᠢ ᠪᠠᠷ ᠠᠩᠬᠠᠨ ᠤ ᠡᠭᠦᠳᠦᠯᠲᠡ ᠶᠢᠨ ᠴᠢᠨᠠᠷᠲᠠᠢ᠂ ᠪᠡᠯᠭᠡ | ᠲᠡᠮᠳᠡᠭ ᠤᠨ ᠴᠢᠨᠠᠷᠲᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ | ᠳᠤᠷᠠᠳᠤᠨ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ | ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠵᠠᠭᠤᠨ ᠵᠢᠯ ᠤᠨ ᠲᠡᠦᠬᠡ ᠲᠠᠢ ᠲᠣᠮᠣ ᠨᠠᠮ ᠢ ᠵᠢᠯᠣᠭᠤᠳᠤᠨ ᠥᠪᠡᠷ | ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠨᠡ ᠪᠣᠯ ᠮᠠᠨ ᠤ ᠨᠠᠮ ᠤᠨ ︽ᠬᠤᠶᠠᠷ ᠢ ᠤᠶᠠᠯᠳᠤᠭᠤᠯᠬᠤ︾ | ᠶᠢ ᠪᠠᠷᠢᠮᠲᠠᠯᠠᠵᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠤᠭᠠᠳ ᠣᠯᠣᠭᠰᠠᠨ ᠰᠢᠨ᠎ᠡ ᠦᠷ᠎ᠡ ᠪᠦᠲᠦᠭᠡᠯ ᠮᠥᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨ᠎ᠡ ᠬᠠᠭᠤᠳᠠᠰᠤ ᠮᠥᠨ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ | ᠪᠠᠶᠢᠭᠤᠯᠤᠯᠲᠠ ᠶᠢᠨ ᠵᠢᠮ᠎ᠡ ᠶᠣᠰᠣ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ | ᠥᠨᠳᠥᠷᠴᠡ ᠳᠤ ᠭᠦᠷᠦᠭᠰᠡᠨ ᠢ ᠬᠠᠷᠠᠭᠤᠯᠵᠤ ᠪᠠᠶᠢᠨ᠎ᠠ᠃ ᠡᠨᠡ ᠬᠦ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ | ︽ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠬᠢᠬᠦ ᠪᠤᠢ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ | ᠥᠭᠴᠦ᠂ ᠪᠦᠭᠦ ᠨᠠᠮ ᠤᠨ ᠤᠭ ᠰᠠᠨᠠᠭ᠎ᠠ ᠪᠠᠨ ᠡᠭᠦᠷᠢᠳᠡ ᠪᠠᠲᠤᠯᠠᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠨᠳᠦᠰᠦᠨ | ᠡᠭᠦᠷᠭᠡ ᠶᠢ ᠲᠣᠳᠣᠷᠬᠠᠢ ᠵᠢᠭᠠᠪᠠ︔ ᠮᠠᠨ ᠤ ᠨᠠᠮ ᠤᠨ ︽ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠢ ᠬᠢᠵᠦ ᠴᠢᠳᠠᠬᠤ ᠪᠤᠢ︾ | ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠪᠦᠭᠦ ᠨᠠᠮ ᠢᠶᠠᠷ ᠢᠶᠠᠨ ︽ᠬᠤᠶᠠᠳᠤᠭᠠᠷ | ᠬᠠᠷᠢᠭᠤᠯᠲᠠ︾ ᠶᠢ ᠰᠠᠶᠢᠲᠤᠷ ᠬᠡᠷᠡᠭᠯᠡᠬᠦ᠂ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠢᠲᠡᠭᠡᠯ | ᠵᠣᠷᠢᠭ ᠢ ᠪᠠᠲᠤᠳᠬᠠᠪᠠ︔ ᠮᠠᠨ ᠤ ᠨᠠᠮ ᠤᠨ ︽ᠥᠪᠡᠷ ᠪᠡᠶ᠎ᠡ ᠶᠢᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠪᠤᠢ︾ ᠭᠡᠬᠦ | ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠨᠠᠮ ᠤᠨ ᠠᠮᠢᠵᠢᠷᠠᠯ ᠤᠨ ᠬᠦᠴᠦᠨ ᠢᠶᠠᠨ ᠡᠭᠦᠷᠢᠳᠡ | ᠪᠠᠲᠤᠯᠠᠵᠤ᠂ ᠰᠢᠨ᠎ᠡ ᠰᠢᠯᠭᠠᠯᠲᠠ ᠶᠢ ᠤᠭᠲᠤᠬᠤ ᠵᠠᠮ ᠢᠶᠠᠷ ᠰᠠᠶᠢᠲᠤᠷ ᠵᠠᠮᠨᠠᠬᠤ ᠭᠡᠭᠡᠨ ᠰᠠᠷᠠᠭᠤᠯ ᠢᠷᠡᠭᠡᠳᠦᠢ ᠶᠢ ᠢᠯᠡᠷᠡᠭᠦᠯᠪᠡ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ | ᠠᠬᠢᠭᠤᠯᠬᠤ ᠴᠢᠬᠤᠯᠠ ᠬᠦᠴᠦᠨ ᠮᠥᠨ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠡᠷᠡᠰ ᠪᠠᠲᠤ ᠢᠲᠡᠭᠡᠯ | ᠪᠢᠰᠢᠷᠡᠯ ᠢ ᠡᠪᠦᠷᠯᠡᠨ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠶᠢ ᠡᠪᠦᠷᠯᠡᠨ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ | ᠡᠨᠡ ᠬᠦ ᠴᠢᠬᠤᠯᠠ ᠦᠵᠡᠯ ᠰᠠᠨᠠᠭᠠᠨ ᠤ ᠭᠤᠣᠯ ᠴᠢᠮᠦᠭᠡ ᠪᠠ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ | ᠤᠬᠠᠮᠰᠠᠷ ᠠᠴᠠ ᠪᠠᠨ ᠲᠤᠭᠤᠰᠢᠯᠠᠭᠤᠯᠵᠤ᠂ ᠡᠭᠦᠷᠢᠳᠡ ᠵᠣᠭᠰᠣᠰᠢ ᠦᠭᠡᠢ ᠡᠷᠡᠰ ᠪᠠᠲᠤ ᠵᠣᠷᠢᠭ ᠢᠶᠠᠷ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠭᠦᠭ ᠠᠶᠠᠰ ᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠨᠠᠮ ᠤᠨ ᠳᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠬᠦ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ | ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ | ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠨᠢᠭᠡᠳᠦᠭᠡᠷ ᠲᠤ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠲᠣᠪᠤᠶᠢᠯᠭᠠᠨ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠨᠠᠮ ᠤᠨ ᠥᠪᠡᠷ | ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠰᠢᠵᠢᠮ ᠪᠤᠯᠭᠠᠵᠤ᠂ | ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ᠂ ᠬᠠᠮᠲᠤ ᠶᠢᠨ ᠰᠤᠷᠤᠯᠴᠠᠯᠭ᠎ᠠ ᠶᠢᠨ ᠳᠦᠷᠢᠮ ᠢ ᠪᠦᠷᠢᠨᠰᠢᠭᠦᠯᠦᠨ ᠴᠢᠩᠭ᠎ᠠ | ᠬᠡᠷᠡᠭᠵᠢᠭᠦᠯᠵᠦ᠂ ᠭᠦᠨᠵᠡᠭᠡᠶᠢᠷᠡᠭᠦᠯᠬᠦ᠂ ᠬᠠᠳᠠᠩᠰᠢᠭᠤᠯᠬᠤ᠂ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ | ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠳᠤᠮᠳᠠ ᠠᠴᠠ ᠣᠶᠢᠯᠠᠭᠠᠭᠳᠠᠬᠤᠨ ᠢ ᠡᠷᠢᠵᠦ᠂ | ᠰᠡᠳᠬᠢᠮᠵᠢ ᠶᠢ ᠡᠷᠢᠵᠦ᠂ ᠠᠷᠭ᠎ᠠ ᠡᠷᠢᠵᠦ᠂ ᠠᠷᠭ᠎ᠠ ᠠᠪᠴᠠᠯ ᠢ ᠡᠷᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠳᠠ | ᠦᠭᠡᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢᠨ ᠪᠣᠳᠠᠲᠤ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ︽ᠬᠤᠶᠠᠷ ᠢ ᠬᠠᠮᠠᠭᠠᠯᠠᠬᠤ︾ ᠶᠢ ᠲᠣᠪᠤᠶᠢᠯᠭᠠᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ | ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ | ᠴᠢᠩᠳᠠᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠦᠨᠡᠨᠴᠢ ᠰᠢᠳᠤᠷᠭᠤ᠂ ᠤᠯᠤᠰ ᠲᠥᠷᠥ ᠶᠢᠨ | ᠠᠮᠤᠷ ᠲᠦᠪᠰᠢᠨ᠂ ᠤᠯᠤᠰ ᠲᠥᠷᠥ ᠶᠢᠨ ᠬᠠᠷᠢᠭᠤᠴᠠᠯᠭ᠎ᠠ᠂ ᠤᠯᠤᠰ ᠲᠥᠷᠥ ᠶᠢᠨ ᠵᠣᠭᠰᠣᠯᠲᠠ᠂ ᠨᠠᠮ ᠤᠨ ᠳᠣᠲᠣᠭᠠᠳᠤ ᠶᠢᠨ | ᠤᠯᠤᠰ ᠲᠥᠷᠥ ᠶᠢᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠥᠷᠢᠶ᠎ᠡ ᠶᠢ ᠡᠷᠡᠰ | ᠵᠠᠯᠠᠷᠠᠭᠤᠯᠵᠤ᠂ ᠤᠯᠤᠰ ᠲᠥᠷᠥ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠠ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ | ᠴᠢᠭᠯᠡᠯᠲᠡ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠭᠰᠠᠨ | ᠪᠠᠶᠢᠳᠠᠯ ᠢ ︽ᠡᠷᠭᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠦᠭᠦ ᠨᠠᠮ ᠤᠨ ᠦᠵᠡᠯ ᠰᠠᠨᠠᠭ᠎ᠠ ᠪᠠᠨ | ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠶᠢ ᠱᠠᠯᠠᠪᠳᠠᠭᠤᠯᠬᠤ ᠬᠡᠷᠡᠭᠲᠡᠢ᠃ | ᠭᠤᠷᠪᠠᠳᠤᠭᠠᠷ ᠲᠤ᠂ ᠬᠥᠷᠥᠰᠥ ᠰᠢᠷᠣᠢ ᠨᠥᠬᠦᠴᠡᠯ ᠢ ᠠᠷᠢᠯᠭᠠᠬᠤ ᠶᠢ ᠲᠣᠪᠤᠶᠢᠯᠭᠠᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠶᠢᠷᠡᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ | ᠭᠦᠨᠵᠡᠭᠡᠶᠢᠷᠡᠭᠦᠯᠦᠨ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠨᠳᠥᠷ ᠳᠠᠷᠤᠯᠲᠠᠲᠤ ᠪᠠᠶᠢᠳᠠᠯ ᠢ ᠴᠢᠩᠭᠠᠳᠬᠠᠵᠤ᠂ | ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠡᠲᠡᠭᠡᠳ᠂ ᠰᠢᠨ᠎ᠡ ᠭᠡᠯᠪᠡᠷᠢ ᠶᠢᠨ | ᠢᠯᠵᠠᠷᠠᠯ ᠪᠠ ᠲᠠᠯᠳᠠ ᠢᠯᠵᠠᠷᠠᠯ ᠢ ᠦᠷᠭᠦᠯᠵᠢᠯᠡᠨ ᠴᠢᠩᠭ᠎ᠠ ᠠᠩᠬᠠᠷᠴᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠵᠤ᠂ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ | ᠨᠠᠪᠴᠢᠨ ᠲᠠᠮᠠᠬᠢ᠂ ᠡᠮ ᠡᠮᠨᠡᠯᠭᠡ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠤᠯᠠᠨ | ᠲᠦᠮᠡᠨ ᠤ ᠳᠡᠷᠭᠡᠳᠡᠬᠢ ᠢᠯᠵᠠᠷᠠᠯ ᠢ ᠡᠷᠡᠰ ᠵᠠᠯᠬᠠᠭᠠᠨ ᠰᠢᠢᠳᠬᠡᠵᠦ᠂ ᠬᠢᠯᠢ ᠠᠯᠤᠰᠯᠠᠭᠰᠠᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ᠂ ᠬᠡᠷᠡᠭ ᠢᠶᠠᠷ | ᠵᠠᠰᠠᠯᠲᠠ ᠶᠢ ᠠᠬᠢᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠵᠥᠪ ᠪᠤᠷᠤᠭᠤ ᠬᠤᠶᠠᠷ ᠲᠠᠯ᠎ᠠ ᠶᠢᠨ ᠬᠥᠮᠦᠵᠢᠯ ᠢ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠨᠢ ᠢᠷᠠᠭᠤ | ᠠᠯᠳᠠᠷ ᠲᠠᠢ ᠱᠠᠮᠰᠢᠬᠤ ᠨᠢ ᠢᠴᠢᠭᠦᠷᠢ ᠲᠠᠢ ᠪᠠᠶᠢᠬᠤ ᠨᠡᠶᠢᠭᠡᠮ ᠤᠨ ᠠᠭᠤᠷ ᠠᠮᠢᠰᠬᠤᠯ ᠤᠨ ᠪᠦᠷᠢᠯᠳᠦᠬᠦ ᠶᠢ ᠠᠬᠢᠭᠤᠯᠬᠤ | ᠬᠡᠷᠡᠭᠲᠡᠢ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠬᠡᠷᠡᠭ ᠢ ᠬᠠᠮᠲᠤ ᠳᠤᠨᠢ ᠪᠠᠶᠢᠴᠠᠭᠠᠬᠤ ᠠᠵᠢᠯ ᠢ ᠴᠢᠩᠭᠠᠳᠬᠠᠵᠤ᠂ | ᠭᠤᠣᠯᠳᠠᠯᠭ᠎ᠠ ᠲᠠᠢ ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ ᠢᠯᠵᠠᠷᠠᠯ ᠢ ᠡᠰᠡᠷᠭᠦᠴᠡᠬᠦ ᠪᠠᠭᠠᠵᠢ ᠶᠢᠨ ᠬᠠᠶᠢᠷᠴᠠᠭ ᠢ ᠴᠢᠩᠭᠠᠳᠬᠠᠨ ᠲᠡᠭᠦᠯᠳᠡᠷᠵᠢᠭᠦᠯᠵᠦ᠂ ᠬᠢᠨᠠᠨ ᠪᠤᠳᠤᠬᠤ ᠵᠡᠷᠭᠡ | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠦᠷᠭᠦᠯᠵᠢᠯᠡᠨ ᠠᠬᠢᠭᠤᠯᠬᠤ | ᠬᠡᠷᠡᠭᠲᠡᠢ᠃ | ᠳᠥᠷᠪᠡᠳᠦᠭᠡᠷ ᠲᠤ᠂ ᠪᠠᠶᠢᠩᠭᠤᠵᠢᠭᠰᠠᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ ᠲᠣᠪᠤᠶᠢᠯᠭᠠᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢ ᠲᠤᠰᠬᠠᠢ ᠴᠡᠭᠴᠡᠯᠡᠨ ᠵᠠᠰᠠᠵᠤ᠂ ︽ᠠᠯᠪᠠᠨ ᠶᠠᠪᠤᠳᠠᠯ ᠤᠨ ᠨᠡᠷ᠎ᠡ ᠪᠠᠷ ᠢᠳᠡᠬᠦ︾᠂ | ︽ᠬᠤᠭᠤᠯᠠᠨ ᠭᠡᠷ ᠤᠨ ᠬᠢ ᠶᠢ ᠢᠳᠡᠬᠦ︾᠂ ︽ᠬᠤᠭᠤᠯᠠᠨ ᠭᠡᠷ ᠤᠨ ᠡᠵᠡᠨ ᠤ ᠬᠢ ᠶᠢ ᠢᠳᠡᠬᠦ︾᠂ ︽ᠳᠣᠣᠷ᠎ᠠ ᠱᠠᠲᠤ ᠶᠢᠨ ᠬᠢ ᠪᠠᠨ | ᠢᠳᠡᠬᠦ︾ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ ᠬᠡᠷᠡᠭᠲᠡᠢ᠃ ᠰᠤᠷᠲᠠᠯ ᠤᠨ ᠢᠯᠵᠠᠷᠠᠯ ᠢ ᠬᠠᠮᠲᠤ ᠪᠠᠷ ᠪᠠᠶᠢᠴᠠᠭᠠᠵᠤ | ᠬᠠᠮᠲᠤ ᠪᠠᠷ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠰᠤᠷᠲᠠᠯ ᠤᠨ ᠢᠯᠵᠠᠷᠠᠯ ᠢ ᠪᠠᠶᠢᠴᠠᠭᠠᠬᠤ︾ ᠪᠥᠭᠡᠳ | ︽ᠢᠯᠵᠠᠷᠠᠯ ᠢ ᠢᠯᠡᠷᠡᠭᠦᠯᠬᠦ ᠪᠠᠷ ᠲᠠᠮᠵᠢᠨ ᠰᠤᠷᠲᠠᠯ ᠢ ᠵᠠᠯᠠᠷᠠᠭᠤᠯᠬᠤ︾ ᠬᠡᠷᠡᠭᠲᠡᠢ᠃ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ | ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠵᠠᠯᠠᠷᠠᠭᠤᠯᠤᠨ ᠵᠠᠰᠠᠵᠤ᠂ ᠤᠳᠤᠷᠢᠳᠬᠤ ᠪᠠᠶᠢᠭᠤᠯᠭ᠎ᠠ ᠠᠴᠠ | ᠡᠬᠢᠯᠡᠨ ᠠᠳᠬᠤᠵᠤ᠂ ᠤᠳᠤᠷᠢᠳᠬᠤ ᠺᠠᠳ᠋ᠷ ᠠᠴᠠ ᠡᠬᠢᠯᠡᠨ ᠵᠠᠯᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠬᠦ᠂ | ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ᠂ ᠡᠷᠬᠡ ᠶᠢᠨ ᠦᠵᠡᠯᠲᠡ ᠭᠠᠵᠢᠭᠤᠳᠠᠭᠰᠠᠨ ᠵᠠᠰᠠᠭ ᠤᠨ ᠠᠵᠢᠯ ᠤᠨ | ᠪᠦᠳᠦᠮᠵᠢ ᠶᠢᠨ ᠦᠵᠡᠯᠲᠡ ᠲᠥᠪ ᠪᠤᠰᠤ ᠵᠡᠷᠭᠡ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠢ᠃ | ᠲᠠᠪᠤᠳᠤᠭᠠᠷ ᠲᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠲᠣᠪᠤᠶᠢᠯᠭᠠᠨ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ | ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠭᠢᠶᠠᠯ ᠪᠣᠯᠭᠠᠨ ᠰᠠᠬᠢᠯᠭ᠎ᠠ ᠪᠠᠲᠤ ᠶᠢᠨ ᠬᠥᠮᠦᠵᠢᠯ ᠢ | ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠦᠨ᠂ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠶᠢ ᠠᠩᠬᠠᠷᠤᠯ ᠳᠠᠭᠠᠨ ᠠᠪᠬᠤ ᠦᠭᠡᠢ᠂ ᠣᠶᠢᠯᠠᠭᠠᠬᠤ ᠦᠭᠡᠢ ᠪᠠᠶᠢᠬᠤ᠂ ᠡᠵᠡᠮᠰᠢᠬᠦ ᠦᠭᠡᠢ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ᠳᠥᠷᠪᠡᠨ ᠵᠦᠢᠯ ᠤᠨ ᠭᠡᠯᠪᠡᠷᠢ︾ ᠢ ᠵᠢᠷᠤᠮᠵᠢᠭᠤᠯᠤᠨ | ᠬᠡᠷᠡᠭᠯᠡᠬᠦ ᠪᠠᠷ ᠤᠳᠤᠷᠢᠳᠤᠮᠵᠢ ᠪᠣᠯᠭᠠᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ | ᠬᠡᠮᠵᠢᠶ᠎ᠡ ᠶᠢᠨ ᠰᠢᠨᠵᠢ ᠴᠢᠨᠠᠷ ᠢ ᠤᠨᠤᠪᠴᠢᠳᠠᠢ ᠲᠣᠭᠲᠠᠭᠠᠵᠤ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠤᠯᠤᠰ | ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ ᠨᠠᠮ ᠢ ᠬᠠᠮᠢᠶᠠᠷᠴᠤ | ᠨᠠᠮ ᠢ ᠵᠠᠰᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠡᠳᠦᠯᠲᠡᠢ | ᠵᠣᠬᠢᠴᠠᠭᠤᠯᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠭᠦᠯᠬᠦ ᠬᠡᠷᠡᠭᠲᠡᠢ᠃ ᠬᠠᠷᠢᠭᠤᠴᠠᠯᠭ᠎ᠠ ᠲᠤᠯᠭᠠᠬᠤ ᠳᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ | ᠵᠢᠷᠭᠤᠳᠤᠭᠠᠷ ᠲᠤ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠲᠣᠪᠤᠶᠢᠯᠭᠠᠨ ᠲᠣᠭᠤᠷᠢᠨ ᠦᠵᠡᠵᠦ ᠲᠣᠭᠤᠷᠢᠨ | ᠪᠠᠶᠢᠴᠠᠭᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠶᠢ ᠪᠦᠭᠦᠨ ᠢ ᠪᠦᠷᠬᠦᠭᠦᠯᠬᠦ ᠶᠢ ᠯᠠᠪᠳᠠᠭᠤᠨ | ᠪᠠᠲᠤᠲᠠᠢ ᠠᠬᠢᠭᠤᠯᠵᠤ᠂ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ᠂ ᠬᠤᠯᠪᠤᠭᠠᠯᠠᠨ ᠲᠣᠭᠤᠷᠢᠨ ᠪᠠᠶᠢᠴᠠᠭᠠᠬᠤ ᠶᠢ | ᠭᠦᠨᠵᠡᠭᠡᠢ ᠰᠦᠪᠡᠭᠴᠢᠯᠡᠵᠦ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ ᠲᠣᠭᠤᠷᠢᠨ ᠪᠠᠶᠢᠴᠠᠭᠠᠬᠤ | ᠠᠵᠢᠯ ᠢ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠨᠢᠭᠡᠴᠢ ᠶᠢᠨ | ᠳᠣᠲᠣᠭᠠᠳᠤ ᠶᠢᠨ ᠲᠣᠭᠤᠷᠢᠨ ᠪᠠᠶᠢᠴᠠᠭᠠᠯᠲᠠ ᠶᠢ ᠬᠡᠰᠡᠭ ᠬᠤᠪᠢᠶᠠᠨ᠂ ᠠᠵᠢᠯ ᠲᠦᠷᠦᠯ ᠬᠤᠪᠢᠶᠠᠨ ᠵᠢᠯᠤᠭᠤᠳᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠬᠤᠲᠠ ᠰᠢᠶᠠᠨ ᠤ ᠲᠣᠭᠤᠷᠢᠨ ᠪᠠᠶᠢᠴᠠᠭᠠᠯᠲᠠ ᠶᠢ ᠦᠨᠳᠦᠰᠦᠨ ᠱᠠᠲᠤ ᠲᠡᠶᠢᠰᠢ | ᠤᠷᠲᠤᠳᠬᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠢ ᠰᠤᠷᠤᠯᠴᠠᠨ | ᠲᠤᠭᠤᠰᠢᠯᠠᠭᠤᠯᠵᠤ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ | ᠠᠵᠢᠯ ᠳᠤ ᠬᠠᠮᠵᠢᠯᠴᠠᠬᠤ ᠲᠣᠭᠲᠠᠭᠠᠯ ᠵᠡᠷᠭᠡ ᠳᠤ ᠵᠠᠰᠠᠪᠤᠷᠢ ᠣᠷᠣᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠦᠭᠦ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠬᠠᠷᠢᠭᠤᠴᠠᠯᠭ᠎ᠠ ᠶᠢᠨ ᠰᠢᠰᠲ᠋ᠧᠮ ᠪᠠ ᠳᠦᠷᠢᠮ ᠤᠨ | ᠶᠠᠪᠤᠴᠠ ᠶᠢ ᠪᠠᠶᠢᠭᠤᠯᠬᠤ ᠬᠡᠷᠡᠭᠲᠡᠢ᠃ | ᠳᠣᠯᠣᠳᠤᠭᠠᠷ ᠲᠤ᠂ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠶᠢ ᠲᠣᠪᠤᠶᠢᠯᠭᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ | ᠳᠣᠲᠣᠭᠠᠳᠤ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠬᠦᠴᠦᠨ ᠤ | ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠣᠨ ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠬᠠᠮᠲᠤᠷᠠᠨ ᠬᠢᠨᠠᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ ᠰᠠᠨᠠᠯ ᠢ ᠲᠣᠭᠲᠠᠭᠠᠵᠤ᠂ ᠡᠯ᠎ᠡ ᠮᠤᠵᠢ | ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠢ ᠵᠢᠯᠣᠭᠤᠳᠤᠨ ᠮᠤᠵᠢ ᠶᠢᠨ ᠬᠠᠷᠢᠶ᠎ᠠ ᠶᠡᠭᠡ ᠳᠡᠭᠡᠳᠦ ᠰᠤᠷᠭᠠᠭᠤᠯᠢ ᠪᠣᠯᠣᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠬᠤ ᠲᠤᠷᠰᠢᠯᠲᠠ ᠶᠢᠨ | ᠴᠡᠭ ᠢ ᠥᠷᠨᠢᠭᠦᠯᠵᠦ᠂ ᠰᠢᠭᠤᠳ ᠬᠠᠮᠢᠶᠠᠷᠬᠤ ᠰᠢᠰᠲ᠋ᠧᠮ ᠤᠨ ᠮᠤᠵᠢ ᠶᠢᠨ ᠱᠠᠲᠤᠨ ᠠᠴᠠ ᠳᠣᠷᠣᠭᠰᠢᠬᠢ ᠨᠢᠭᠡᠴᠢ ᠳᠤ ᠡᠷᠬᠡ | ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠬᠠᠮᠢᠶᠠᠷᠬᠤ ᠪᠠ ᠬᠢᠨᠠᠨ ᠪᠠᠶᠢᠴᠠᠭᠠᠬᠤ ᠠᠷᠭ᠎ᠠ ᠬᠡᠮᠵᠢᠶ᠎ᠡ ᠶᠢ | ᠬᠡᠷᠡᠭᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠬᠡᠷᠡᠭᠲᠡᠢ᠃ ︽ᠳᠤᠭᠤᠶᠢᠯᠠᠩ ᠳᠤᠭᠤᠶᠢᠯᠠᠩ ᠤᠨ | ᠬᠤᠭᠤᠷᠣᠨᠳᠤ︾ ᠪᠠᠨ ᠬᠠᠮᠵᠢᠯᠴᠠᠨ ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠤᠨ ᠬᠤᠭᠤᠷᠣᠨᠳᠤ︾ ᠪᠠᠨ ᠬᠤᠯᠪᠤᠭᠠᠯᠠᠨ | ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠭᠠᠵᠠᠷ ᠣᠷᠣᠨ ᠤ ᠬᠤᠭᠤᠷᠣᠨᠳᠤ︾ ᠪᠠᠨ ᠬᠤᠯᠪᠤᠭᠠᠯᠠᠨ ᠬᠡᠷᠡᠭ ᠰᠢᠢᠳᠪᠦᠷᠢᠯᠡᠬᠦ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ︽ᠨᠠᠮ ᠤᠨ ᠤᠳᠤᠷᠢᠳᠬᠤ | ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠠᠵᠢᠯ ᠤᠨ ᠵᠢᠷᠤᠮ | ᠲᠣᠭᠲᠠᠭᠠᠯ ︵ᠲᠤᠷᠰᠢᠨ ᠬᠡᠷᠡᠭᠵᠢᠭᠦᠯᠬᠦ︶︾ ᠵᠡᠷᠭᠡ ᠳᠤ ᠵᠠᠰᠠᠪᠤᠷᠢ ᠣᠷᠣᠭᠤᠯᠬᠤ ᠳᠤ ᠬᠠᠮᠵᠢᠬᠤ ᠬᠡᠷᠡᠭᠲᠡᠢ᠃ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠤᠯᠭᠠᠬᠰᠠᠨ᠂ ᠡᠯ᠎ᠡ ᠲᠦᠷᠦᠯ ᠤᠨ ᠬᠢᠨᠠᠯᠲᠠ ᠶᠢ | ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠵᠦ᠂ ︽ᠨᠢᠭᠡᠳᠦᠭᠡᠷ ᠬᠠᠷᠢᠭᠤᠴᠠᠯᠭᠠᠲᠠᠨ︾ ᠪᠠ ᠤᠳᠤᠷᠢᠳᠬᠤ ᠪᠠᠭ ᠤᠨ ᠬᠢᠨᠠᠯᠲᠠ ᠶᠢ | ᠴᠢᠩᠭᠠᠳᠬᠠᠬᠤ ᠬᠡᠷᠡᠭᠲᠡᠢ᠃ ᠲᠣᠭᠠᠴᠢᠯᠠᠭᠰᠠᠨ ᠮᠡᠷᠭᠡᠵᠢᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠯ᠎ᠡ | ᠵᠦᠢᠯ ᠤᠨ ᠲᠤᠬᠠᠶᠢᠯᠠᠭᠰᠠᠨ ᠠᠵᠢᠯ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠢᠭᠡ ᠴᠣᠭᠴᠠᠵᠢᠭᠤᠯᠤᠭᠰᠠᠨ | ᠠᠵᠢᠯ ᠤᠨ ᠲᠠᠪᠴᠠᠩ ᠢ ᠪᠠᠶᠢᠭᠤᠯᠬᠤ ᠬᠡᠷᠡᠭᠲᠡᠢ᠃ | ᠨᠠᠢᠮᠠᠳᠤᠭᠠᠷ ᠲᠤ᠂ ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠲᠣᠪᠤᠶᠢᠯᠭᠠᠨ | ᠪᠠᠳᠠᠷᠠᠭᠤᠯᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠬᠡᠷᠡᠭᠲᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠲᠦᠷᠦᠭᠦᠯᠡᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ ᠰᠢᠰᠲ᠋ᠧᠮ ᠤᠨ ᠥᠪᠡᠷ ᠤᠨ ᠪᠡᠶ᠎ᠡ ᠶᠢᠨ | ᠬᠤᠪᠢᠰᠬᠠᠯ ᠤᠨ ᠥᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ | ᠪᠤᠯᠬᠤ ᠶᠢ ᠳᠠᠶᠢᠴᠢᠯᠠᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ | ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠴᠠᠯᠠᠰᠢᠭᠦᠢ | ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠠᠷᠢᠭᠤᠨ ᠴᠡᠪᠡᠷ ᠪᠠᠶᠢᠬᠤ ᠶᠢ ᠢᠮᠠᠭᠲᠠ | ᠪᠡᠶᠡᠯᠡᠭᠦᠯᠬᠦ ᠬᠡᠷᠡᠭᠲᠡᠢ᠃ ᠰᠤᠷᠲᠠᠯ ᠤᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ︽ᠭᠤᠷᠪᠠᠨ | ᠡᠷᠬᠡᠪᠰᠢ︾ ᠶᠢ ᠪᠠᠲᠤ ᠴᠡᠭᠡᠵᠢᠯᠡᠵᠦ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠶᠢ ᠦᠢᠯᠡᠳᠦᠯᠭᠡᠵᠢᠭᠦᠯᠵᠦ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠳᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠠᠷᠢᠭᠤᠨ | ᠴᠢᠬᠡᠴᠢ ᠶᠢᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠺᠠᠳ᠋ᠷ ᠤᠨ ᠡᠩᠨᠡᠭᠡ ᠳᠤ ᠣᠷᠣᠰᠢᠵᠤ | ᠪᠠᠶᠢᠭ᠎ᠠ ᠲᠣᠪᠤᠶᠢᠮ᠎ᠠ ᠠᠰᠠᠭᠤᠳᠠᠯ ᠢ ᠪᠠᠶᠢᠩᠭᠤ ᠪᠠᠶᠢᠴᠠᠭᠠᠨ ᠦᠵᠡᠵᠦ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ | ᠪᠦᠭᠦᠳᠡ ᠶᠢ ᠲᠦᠢᠳᠦᠭᠴᠢ ᠶᠢ ᠠᠷᠢᠯᠭᠠᠵᠤ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ ᠡᠷᠡᠰ | ᠰᠡᠷᠭᠡᠶᠢᠯᠡᠨ ᠵᠠᠰᠠᠬᠤ ᠬᠡᠷᠡᠭᠲᠡᠢ᠃ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ | ᠺᠠᠳ᠋ᠷ ᠲᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠨᠠᠷᠢᠯᠢᠭ ᠪᠣᠳᠠᠲᠠᠢ ᠬᠢᠵᠦ᠂ ᠬᠢᠨᠠᠨ ᠪᠠᠶᠢᠴᠠᠭᠠᠬᠤ | ᠲᠤᠰᠢᠶᠠᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢᠨ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠵᠦ᠂ ᠺᠠᠳ᠋ᠷ ᠤᠨ | ᠰᠡᠳᠬᠢᠯ ᠠᠮᠤᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ | ᠪᠦᠭᠦᠳᠠ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨᠴᠢ ᠰᠢᠳᠤᠷᠭᠤ ᠪᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ | ᠡᠭᠦᠷᠢᠳᠡ ᠴᠥᠬᠦᠷᠡᠰᠢ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠳᠠᠬᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠤᠷᠢᠶᠠᠯᠠᠪᠠ︕ |