【ᠬᠤᠶᠠᠷ ᠬᠤᠷᠠᠯ】ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/1/19
     1 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ  ᠤᠨ ᠭᠤᠷᠪᠠᠳᠤᠭᠠᠷ ᠣᠳᠠᠭᠠᠨ ᠤ ᠬᠤᠷᠠᠯ ᠬᠤᠷᠠᠯᠳᠣᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠪᠡ᠃      ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 38 ᠬᠥᠮᠦᠨ᠂ ᠲᠣᠰ ᠤᠳᠠᠭᠠᠨ ᠤ ᠬᠤᠷᠠᠯ ᠳᠤ 35 ᠬᠥᠮᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠲᠠᠩ ᠢ᠂ ᠼᠦᠢ ᠵᠢᠩ ᠶᠢᠩ᠂ ᠰᠦᠨ ᠬᠤᠤ᠂ ᠯᠢ ᠠᠩ᠂ ᠪᠠᠢ ᠬᠠᠢ ᠿᠦᠩ᠂ ᠸᠠᠩ ᠶᠢᠨ᠂ ᠸᠧᠢ ᠠᠢ ᠯᠢᠨ᠂ ᠴᠡᠩᠬᠡᠯ᠂ ᠰᠦᠩ ᠶᠤᠸᠠᠢ ᠰᠢᠶᠠ᠂ ᠿᠧᠨ ᠵᠢᠢ ᠬᠤᠸᠠ᠂ ᠲᠢᠶᠠᠨ ᠵᠦ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠲᠥᠯᠥᠭᠡᠯᠡᠭᠴᠢᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠢᠭᠦᠬᠦ ᠪᠠᠶᠢᠴᠠᠭᠠᠬᠤ ︽ᠬᠤᠶᠠᠷ ᠬᠤᠷᠢᠶ᠎ᠠ︾ ᠶᠢᠨ ᠠᠵᠢᠯ ᠤᠨ ᠢᠯᠡᠳᠭᠡᠯ ︵ᠮᠡᠳᠡᠭᠦᠯᠦᠯᠲᠡ︶ ᠢ ᠬᠢᠨᠠᠨ ᠶᠠᠷᠢᠯᠴᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠶᠠᠷᠢᠯᠴᠠᠭᠰᠠᠨ ᠰᠠᠨᠠᠯ ᠪᠠ ᠰᠠᠨᠠᠭᠤᠯᠭ᠎ᠠ ᠶᠢ ᠭᠤᠷᠪᠠᠨ ᠪᠠᠶᠢᠭᠤᠯᠭ᠎ᠠ ᠳᠤ ᠲᠤᠰ ᠲᠤᠰ ᠰᠢᠯᠵᠢᠭᠦᠯᠦᠨ ᠥᠭᠴᠦ ᠰᠤᠳᠤᠯᠤᠨ ᠰᠢᠢᠳᠪᠦᠷᠢᠯᠡᠭᠦᠯᠬᠦ ᠪᠠᠷ ᠲᠣᠭᠲᠠᠪᠠ︔ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠥᠯᠥᠪᠯᠡᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠲᠥᠰᠥᠪ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠵᠢᠴᠢ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠬᠢᠨᠠᠨ ᠵᠥᠪᠯᠡᠵᠦ ᠪᠠᠲᠤᠯᠠᠭᠠᠳ᠂ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠪᠠ︔ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠭᠰᠠᠨ ᠪᠠ ᠲᠥᠯᠥᠭᠡᠯᠡᠭᠴᠢᠳ ᠤᠨ 10 ᠬᠥᠮᠥᠨ ᠠᠴᠠ ᠳᠡᠭᠡᠭᠰᠢ ᠬᠠᠮᠲᠤᠷᠠᠨ ᠨᠡᠷ᠎ᠡ ᠳᠤᠷᠠᠳᠤᠭᠰᠠᠨ ᠵᠢᠱᠢᠭᠳᠡᠭᠰᠡᠳ ᠤᠨ ᠨᠡᠷᠡᠰ ᠵᠢᠴᠢ ᠲᠥᠯᠥᠭᠡᠯᠡᠭᠴᠢᠳ ᠤᠨ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠦᠪᠯᠡᠯ ᠤᠨ ᠡᠷᠬᠢᠯᠡᠭᠴᠢ ᠭᠡᠰᠢᠭᠦᠳ ᠤᠨ ᠨᠡᠷᠡᠰ ᠢ ᠬᠢᠨᠠᠨ ᠶᠠᠷᠢᠯᠴᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠩᠬᠢᠨᠢ ᠵᠢᠱᠢᠭᠳᠡᠭᠰᠡᠳ ᠤᠨ ᠨᠡᠷᠡᠰ ᠢ ᠲᠣᠭᠲᠠᠭᠠᠵᠤ᠂ ᠵᠢᠩᠬᠢᠨᠢ ᠵᠢᠱᠢᠭᠳᠡᠭᠰᠡᠳ ᠤᠨ ᠨᠡᠷᠡᠰ ᠢ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠶᠠᠷᠢᠯᠴᠠᠭᠤᠯᠤᠭᠠᠳ᠂ ᠶᠡᠭᠡ ᠬᠤᠷᠠᠯ ᠳᠤ ᠳᠡᠪᠰᠢᠭᠦᠯᠦᠨ ᠰᠣᠩᠭᠤᠭᠤᠯᠪᠡ︔ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠥᠰᠥᠯ︶ ᠢ ᠪᠠᠲᠤᠯᠠᠭᠠᠳ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠪᠠ︔ ᠡᠯ᠎ᠡ ᠵᠦᠢᠯ ᠤᠨ ᠠᠵᠢᠯ ᠤᠨ ᠢᠯᠡᠳᠭᠡᠯ ︵ᠮᠡᠳᠡᠭᠦᠯᠦᠯᠲᠡ︶ ᠤᠨ ᠰᠢᠢᠳᠪᠦᠷᠢ ︵ᠲᠥᠰᠥᠯ︶ ᠶᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠵᠦ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map