ᠭᠤᠣᠯ ᠰᠡᠳᠦᠪᠲᠦ ᠬᠥᠮᠦᠵᠢᠯ᠄ ᠼᠦᠢ ᠵᠢᠩ ᠶᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/22
     1 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠦᠭᠡᠷ ᠬᠠᠷᠢᠯᠴᠠᠬᠤ ᠳᠤᠭᠤᠶᠢᠯᠠᠩ ᠤᠨ ᠬᠤᠯᠪᠤᠭᠳᠠᠯ ᠪᠦᠬᠦᠢ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠳᠡᠪᠡ᠃ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠬᠢᠬᠦ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠪᠡ᠃ ᠳᠠᠷᠠᠭ᠎ᠠ ᠪᠠᠷ ᠨᠢ ᠤᠳᠤᠷᠢᠳᠬᠤ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠭᠰᠠᠨ ᠪᠠᠶᠢᠴᠠᠭᠠᠯᠳᠠ ᠬᠢᠬᠦ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠪᠡ᠃      ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠼᠦᠢ ᠵᠢᠩ ᠶᠢᠩ ᠬᠡᠯᠡᠭᠰᠡᠨ ᠨᠢ᠂ ᠡᠨᠡ ᠣᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠦᠨᠡᠬᠢ ᠪᠡᠯᠡᠳᠬᠡᠯ ᠭᠦᠢᠴᠡᠳ᠂ ᠠᠰᠠᠭᠤᠳᠠᠯ  ᠢᠶᠠᠨ ᠨᠡᠪᠲᠡᠷᠬᠡᠢ ᠵᠠᠳᠠᠯᠵᠤ᠂ ᠬᠠᠷᠢᠯᠴᠠᠨ ᠰᠢᠭᠦᠮᠵᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠤᠯᠤᠰ ᠲᠦᠷᠦ ᠶᠢᠨ ᠪᠠᠶᠢᠴᠠᠭᠠᠯᠲᠠ ᠶᠢ ᠬᠦᠯᠢᠶᠡᠬᠦ᠂ ᠤᠯᠤᠰ ᠲᠦᠷᠦ ᠶᠢᠨ ᠬᠤᠭ ᠢ ᠴᠡᠪᠡᠷᠯᠡᠬᠦ᠂ ᠤᠯᠤᠰ ᠲᠦᠷᠦ ᠶᠢᠨ ᠰᠦᠭ ᠰᠦᠨᠡᠰᠦ ᠶᠢ ᠴᠡᠪᠡᠷᠰᠢᠭᠦᠯᠬᠦ ᠵᠣᠷᠢᠯᠭ᠎ᠠ ᠳᠤ ᠬᠦᠷᠪᠡ᠃ ᠬᠤᠷᠠᠯ ᠤᠨ ᠳᠠᠷᠠᠭ᠎ᠠ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠪᠠᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃      ᠼᠦᠢ ᠵᠢᠩ ᠶᠢᠩ ᠴᠢᠬᠤᠯᠠᠴᠢᠯᠠᠭᠰᠠᠨ ᠨᠢ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠦᠢᠯᠡᠳᠦᠯᠭᠡᠵᠢᠭᠦᠯᠬᠦ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠬᠦᠨᠵᠡᠭᠡᠢ ᠰᠣᠷᠣᠯᠴᠠᠨ ᠲᠤᠤᠱᠯᠠᠭᠤᠯᠬᠤ ᠶᠢ ᠬᠦᠨᠵᠡᠭᠡᠶᠢᠷᠡᠬᠦᠯᠬᠦ᠂ ᠰᠢᠩᠭᠡᠭᠡᠬᠦ᠂ ᠬᠤᠪᠢᠷᠠᠭᠤᠯᠬᠤ ᠠᠵᠢᠯ ᠢᠶᠠᠨ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠪᠦᠲᠦᠮᠵᠢᠲᠡᠢ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠨᠡᠩ ᠰᠠᠶᠢᠲᠤᠷ ᠬᠡᠷᠡᠭᠯᠡᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠰᠣᠷᠣᠯᠴᠠᠬᠤᠢ ᠰᠡᠳᠭᠢᠬᠦᠢ ᠬᠡᠷᠡᠭᠯᠡᠬᠦᠢ ᠶᠢ ᠨᠡᠪᠳᠡᠷᠡᠭᠦᠯᠵᠦ᠂ ᠮᠡᠳᠡᠬᠦᠢ ᠢᠳᠡᠭᠡᠬᠦᠢ ᠠᠵᠢᠯᠯᠠᠬᠤᠢ ᠶᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠦᠨᠡᠨ ᠬᠦ ᠬᠠᠲᠠᠭᠤ ᠲᠠᠢ ᠬᠠᠯᠳᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠱᠠᠯᠠᠪᠳᠠᠨ ᠴᠡᠭᠴᠡᠯᠡᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠢ ᠰᠠᠶᠢᠵᠢᠷᠠᠭᠤᠯᠵᠤ᠂ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠴᠢᠨᠠᠷ ᠰᠠᠶᠢᠲᠠᠢ ᠬᠥᠭᠵᠢᠯᠲᠡ ᠶᠢᠨ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠰᠦᠪᠡᠭᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠂ ᠬᠤᠳᠠ ᠶᠢᠨ ᠨᠠᠮ ᠤᠨ ᠬᠤᠷᠢᠶ᠎ᠠ ᠠᠴᠠ ᠲᠣᠭᠲᠠᠭᠠᠭᠰᠠᠨ 12 ᠵᠦᠢᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠨᠢᠭᠡᠳᠦᠭᠡᠷ ᠭᠤᠷᠪᠠᠳᠣᠭᠠᠷ ᠠᠵᠤ ᠦᠢᠯᠡᠰ ᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠤᠷᠤᠭᠰᠢᠯᠠᠵᠤ᠂ ᠵᠢᠱᠢᠶ᠎ᠡ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠵᠣᠷᠢᠯᠲᠠ ᠪᠠᠨ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢᠨ ᠲᠣᠭᠤᠷᠢᠨ ᠳᠤ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠵᠤ᠂ ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠰᠤᠷᠲᠠᠯ ᠢᠶᠠᠨ ᠰᠢᠯᠢᠳᠡᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ︶ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠤᠨ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢ ᠲᠦᠷᠦᠭᠦᠯᠡᠨ ᠪᠠᠲᠤ ᠪᠤᠢ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠤᠷᠢ︾ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠤᠪᠤᠶᠢᠮ᠎ᠠ ᠠᠰᠠᠭᠤᠳᠠᠯ ᠢᠶᠠᠨ ᠡᠷᠡᠰ ᠵᠠᠯᠠᠷᠠᠭᠤᠯᠤᠨ ᠵᠠᠰᠠᠵᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map