ᠲᠠᠩ ᠢ ᠪᠦᠯᠬᠦᠮ ᠳᠠᠭᠠᠭᠤᠯᠤᠨ ᠰᠧᠴᠤᠸᠠᠨ ᠳᠤ ᠬᠦᠷᠴᠦ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/1/22
     1 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠰᠧᠴᠤᠸᠠᠨ ᠮᠤᠵᠢ ᠶᠢᠨ ᠴᠧᠩᠳᠦ᠋ ᠬᠤᠳᠠ ᠶᠢᠨ ᠳᠤᠮᠳᠠᠳᠤ ᠤᠯᠤᠰ ᠤᠨ ᠴᠧᠩ ᠳ᠋ᠡ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠬᠦᠷᠴᠦ᠂ ᠵᠠᠳᠠᠷᠠᠵᠤ ᠪᠣᠯᠬᠤ ᠮᠠᠲ᠋ᠧᠷᠢᠶᠠᠯ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠢᠨᠵᠢᠯᠡᠨ ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠤᠤ ᠪᠥᠸᠧ ᠣᠷᠣᠯᠴᠠᠪᠠ᠃      ᠳᠤᠮᠳᠠᠳᠤ ᠤᠯᠤᠰ ᠤᠨ ᠴᠧᠩ ᠳ᠋ᠡ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ᠂ ᠲᠠᠩ ᠢ ᠨᠡᠷ ᠠᠵᠤ ᠠᠬᠤᠶᠢᠯᠠᠯ ᠤᠨ ᠬᠥᠭᠵᠢᠯᠲᠡ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ  ᠳᠤᠨᠢ ᠰᠢᠨᠵᠢᠯᠡᠨ ᠪᠠᠶᠢᠴᠠᠭᠠᠯᠲᠠ ᠬᠢᠭᠰᠡᠨ ᠪᠥᠭᠡᠳ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠲᠠᠩ ᠢ ᠮᠠᠨ ᠤ ᠬᠤᠳᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠬᠠᠶ ᠬᠤᠲᠠ BDO ᠠᠵᠤ ᠦᠢᠯᠡᠰ ᠢ ᠬᠥᠭᠵᠢᠭᠦᠯᠬᠦ ᠳᠤ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠳᠪᠦᠷᠢ ᠶᠢᠨ ᠰᠠᠭᠤᠷᠢ᠂ ᠣᠷᠣᠨ ᠪᠠᠶᠢᠷᠢ ᠶᠢᠨ ᠨᠥᠬᠦᠴᠡᠯ ᠪᠠ ᠥᠪᠡᠷ ᠤᠨ ᠥᠷᠲᠡᠭ ᠤᠨ ᠳᠠᠪᠠᠭᠤᠯᠢᠭ ᠲᠠᠢ ᠪᠠᠶᠢᠵᠤ᠂ ᠣᠳᠣᠬᠠᠨ ᠳᠤ ᠨᠢᠭᠡᠨᠲᠡ BDO ᠶᠢᠨ ᠦᠢᠯᠡᠳᠪᠦᠷᠢᠯᠡᠯ ᠤᠨ ᠴᠢᠳᠠᠪᠤᠷᠢ 100 ᠲᠦᠮᠡᠨ ᠲᠣᠨ᠂ ᠪᠠᠶᠢᠭᠤᠯᠵᠤ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ 60 ᠲᠦᠮᠡᠨ ᠲᠣᠨ ᠬᠦᠷᠴᠦ᠂ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠪᠦᠬᠦ ᠤᠯᠤᠰ ᠴᠢᠨᠠᠭᠰᠢᠯᠠᠪᠠᠯ ᠪᠦᠬᠦ ᠳᠡᠯᠡᠬᠡᠢ ᠳᠤ ᠴᠥᠮ ᠬᠤᠣᠰ ᠦᠭᠡᠢ ᠪᠣᠯᠭᠠᠵᠠᠶ᠃ ᠣᠳᠣᠬᠠᠨ ᠳᠤ᠂ ᠦᠬᠠᠶ ᠬᠤᠲᠠ ᠶᠠᠭ ᠪᠥᠬᠦ ᠪᠥᠮᠪᠥᠷᠴᠡᠭ ᠤᠨ ᠬᠠᠮᠤᠭ ᠤᠨ ᠶᠡᠭᠡ BDO ᠶᠢ ᠨᠢᠭᠡ ᠴᠤᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠵᠤ᠂ ᠢᠷᠡᠭᠡᠳᠦᠶ ᠶᠢᠨ BDO ᠠᠵᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠤᠷ᠎ᠠ ᠮᠡᠷᠭᠡᠰᠢᠯ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠰᠤᠳᠤᠯᠤᠨ ᠨᠡᠭᠡᠭᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ BDO ᠠᠵᠤ ᠦᠢᠯᠡᠰ ᠤᠨ ᠳᠤᠤᠷᠠᠳᠤ ᠤᠷᠤᠰᠬᠠᠯ ᠳᠠᠰᠢ ᠲᠠᠰᠤᠷᠠᠯᠲᠠ ᠥᠬᠡᠶ ᠤᠷᠲᠤᠳᠬᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠨᠠᠩ ᠰᠠᠶᠢᠲᠤᠷ ᠳᠡᠭᠡᠭᠰᠢᠯᠡᠭᠦᠯᠵᠦ ᠪᠠᠶᠢᠨ᠎ᠠ᠃ ᠴᠧᠩ ᠳ᠋ᠡ ᠺᠣᠮᠫᠠᠨᠢ ᠶᠢᠨ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠲᠤᠪᠤᠶᠢᠮ᠎ᠠ ᠳᠠᠪᠠᠭᠤᠯᠢᠭ ᠲᠠᠢ᠂ ᠰᠤᠳᠤᠯᠭᠠᠨ ᠤ ᠬᠦᠷᠢᠶ᠎ᠡ ᠬᠡᠪᠴᠢᠶ᠎ᠡ ᠨᠢ ᠮᠠᠨ ᠤ ᠬᠤᠳᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠴᠢᠭᠯᠡᠯ ᠲᠠᠢ ᠮᠠᠰᠢ ᠨᠡᠶᠢᠴᠡᠵᠦ ᠪᠠᠶᠢᠨ᠎ᠠ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ BDO ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢ ᠭᠠᠷ ᠬᠤᠯᠪᠣᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ ᠦᠬᠠᠢ ᠶᠢᠨ BDO ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠲᠣᠳᠣᠷᠬᠠᠢ᠂ ᠡᠬᠢ ᠪᠠᠶᠠᠯᠢᠭ ᠪᠣᠯᠤᠨ ᠡᠨᠧᠷᠭᠢ ᠶᠢᠨ ᠡᠯᠧᠮᠧᠨ᠋ᠲ ᠤᠨ ᠲᠥᠪᠯᠡᠷᠡᠯ᠂ ᠠᠯᠤᠰ ᠢᠷᠡᠭᠡᠳᠦᠢ ᠮᠠᠰᠢ ᠥᠷᠭᠡᠨ ᠠᠭᠤᠳᠠᠮ ᠪᠠᠶᠢᠨ᠎ᠠ᠂ ᠴᠧᠩ ᠳ᠋ᠡ ᠺᠣᠮᠫᠠᠨᠢ ᠮᠡᠷᠭᠡᠵᠢᠯ ᠪᠣᠯᠤᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠬᠠᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠢᠳᠡᠪᠬᠢᠲᠡᠢ ᠬᠦᠴᠦᠨ ᠨᠡᠮᠡᠷᠢᠯᠡᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠢ᠃      ᠲᠠᠩ ᠢ ᠨᠡᠷ ᠪᠠᠰᠠ ᠴᠧᠩᠳᠦ᠋ ᠬᠤᠳᠠ ᠶᠢᠨ ᠲᠢᠶᠠᠨ ᠹᠦ᠋ ᠰᠢᠨ᠎ᠡ ᠲᠣᠭᠤᠷᠢᠭ ᠤᠨ ᠲᠥᠯᠥᠪᠵᠢᠭᠦᠯᠭᠡ ᠶᠢᠨ ᠲᠢᠩᠬᠢᠮ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠰᠢᠨ᠎ᠡ ᠲᠣᠭᠤᠷᠢᠭ ᠤᠨ ᠲᠥᠯᠥᠪᠵᠢᠭᠦᠯᠭᠡ ᠶᠢᠨ ᠲᠡᠷᠢᠭᠦᠨ ᠤ ᠠᠵᠢᠯ ᠤᠨ ᠲᠤᠷᠰᠢᠯᠭ᠎ᠠ ᠶᠢ ᠨᠢ ᠰᠤᠷᠤᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map