2023 ᠣᠨ ᠳᠤ᠂ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠢ ᠦᠷᠳᠡᠭ 12.13 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠭᠠᠳᠠᠭᠠᠳᠤ | ᠭᠠᠷᠭᠠᠯᠲᠠ 10.33 ᠳ᠋ᠦᠩᠰᠢᠭᠤᠷ ᠲᠥᠭᠦᠷᠢᠭ᠂ ᠭᠠᠳᠠᠭᠠᠳᠤ ᠣᠷᠣᠭᠤᠯᠤᠯᠲᠠ 1.8 ᠳ᠋ᠦᠩᠰᠢᠭᠤᠷ ᠲᠥᠭᠦᠷᠢᠭ ᠲᠤ | ᠬᠦᠷᠴᠦ᠂ ᠭᠠᠳᠠᠭᠠᠳᠤ ᠣᠷᠣᠭᠤᠯᠤᠯᠲᠠ 2022 ᠣᠨ ᠤ ᠠᠳᠠᠯᠢ ᠬᠤᠭᠤᠴᠠᠭᠠᠨ ᠤ ᠬᠢ ᠠᠴᠠ 1263.65% | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠳᠤ ᠲᠡᠷᠢᠬᠦᠯᠡᠪᠡ᠃ | ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶ᠎ᠠ ᠭᠤᠣᠯ ᠪᠠᠶᠢᠷᠢ ᠶᠢ ᠡᠵᠡᠯᠡᠵᠦ᠂ | 2023 ᠣᠨ ᠳᠤ᠂ ᠪᠦᠬᠦ ᠬᠤᠳᠠ ᠶᠢᠨ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠬᠡᠮᠵᠢᠶ᠎ᠡ 12.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ 99.99% | ᠢ ᠡᠵᠡᠯᠡᠪᠡ᠃ | ᠠᠷᠠᠯᠵᠢᠶᠠᠨ ᠤ ᠬᠠᠨᠢᠲᠠᠨ ᠠᠴᠠ ᠦᠵᠡᠪᠡᠯ᠂ ᠮᠠᠨ ᠤ ᠬᠤᠲᠠ ᠶᠢᠨ ᠠᠷᠠᠯᠵᠢᠶᠠᠨ ᠤ ︽ᠨᠠᠶᠢᠵᠠ ᠶᠢᠨ ᠲᠣᠭᠤᠷᠢᠭ︾ | ᠲᠠᠰᠤᠷᠠᠯᠲᠠ ᠦᠭᠡᠢ ᠥᠷᠭᠡᠳᠴᠦ ᠪᠠᠶᠢᠨ᠎ᠠ᠃ 2023 ᠣᠨ ᠳᠤ ᠠᠷᠠᠯᠵᠢᠶᠠᠨ ᠤ ᠡᠳᠡᠭᠡᠳ ᠤᠨ ᠲᠤᠭ᠎ᠠ 80 ᠤᠯᠤᠰ | ᠪᠠ ᠭᠠᠵᠠᠷ ᠣᠷᠣᠨ ᠳᠤ ᠬᠦᠷᠲᠡᠯ᠎ᠡ ᠨᠡᠮᠡᠭᠳᠡᠪᠡ᠃ ᠠᠮᠧᠷᠢᠺᠠ ᠪᠣᠯ ᠬᠠᠮᠤᠭ ᠤᠨ ᠲᠣᠮᠣ ᠠᠷᠠᠯᠵᠢᠶᠠᠨ ᠤ ᠤᠯᠤᠰ ᠮᠥᠨ᠂ | ᠲᠠᠷᠠᠭᠠᠯᠠᠪᠠᠯ ᠡᠨᠡᠳᠬᠡᠭ᠂ ᠭᠧᠷᠮᠠᠨ᠂ ᠮᠠᠯᠠᠶᠢᠰᠢᠶ᠎ᠠ ᠵᠡᠷᠭᠡ ᠪᠤᠯᠤᠨ᠎ᠠ᠃ ᠬᠠᠮᠲᠤ ᠪᠠᠷ ᠪᠠᠶᠢᠭᠤᠯᠤᠭᠰᠠᠨ ᠤᠯᠤᠰ ᠯᠤᠭ᠎ᠠ ᠶᠢᠨ | ᠠᠷᠠᠯᠵᠢᠶ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ︽ᠨᠢᠭᠡ ᠪᠦᠰᠡ ᠨᠢᠭᠡ ᠵᠠᠮ︾ ᠤᠨ | ᠬᠠᠮᠲᠤ ᠪᠠᠷ ᠪᠠᠶᠢᠭᠤᠯᠤᠭᠰᠠᠨ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 4.07 | ᠳ᠋ᠦᠩᠰᠢᠭᠤᠷ ᠲᠥᠭᠦᠷᠢᠭ ᠲᠤ ᠬᠦᠷᠴᠦ᠂ RCEP ᠶᠢᠨ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠤᠨ ᠪᠤᠰᠤᠳ ᠪᠦᠷᠢᠯᠳᠦᠭᠦᠨ ᠤᠯᠤᠰ ᠯᠤᠭ᠎ᠠ ᠶᠢᠨ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 2.45 ᠳ᠋ᠦᠩᠰᠢᠭᠤᠷ ᠲᠥᠭᠦᠷᠢᠭ ᠲᠤ ᠬᠦᠷᠪᠡ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠠᠴᠠ ᠠᠪᠴᠤ ᠦᠵᠡᠪᠡᠯ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠦᠵᠡᠭᠦᠯᠦᠭᠰᠡᠨ | ᠬᠤᠪᠢ ᠨᠡᠮᠡᠷᠢ ᠲᠣᠪᠣᠶᠢᠮ᠎ᠠ ᠪᠠᠶᠢᠵᠤ᠂ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠤᠨ | ᠨᠡᠮᠡᠭᠳᠡᠯ ᠢᠯᠡᠷᠭᠡᠢ ᠪᠠᠶᠢᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠲᠤᠭ᠎ᠠ 11.62 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ95.8% ᠶᠢ ᠡᠵᠡᠯᠡᠪᠡ᠃ ᠳᠤᠮᠳᠠᠳᠤ | ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ 0.51 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠠᠳᠠᠯᠢ ᠬᠤᠭᠤᠴᠠᠭᠠᠨ ᠤ | ᠬᠢ ᠠᠴᠠ 5.85% ᠪᠠᠷ ᠨᠡᠮᠡᠭᠳᠡᠪᠡ᠃ | ᠭᠠᠳᠠᠭᠠᠳᠤ ᠠᠷᠠᠯᠵᠢᠶᠠᠨ ᠤ ᠲᠠᠸᠠᠷ ᠠᠴᠠ ᠠᠪᠴᠤ ᠦᠵᠡᠪᠡᠯ᠂ ᠮᠠᠨ ᠤ ᠬᠤᠲᠠ ᠶᠢᠨ ᠤᠯᠠᠮᠵᠢᠯᠠᠯᠲᠤ ᠭᠠᠳᠠᠭᠠᠳᠤ | ᠠᠷᠠᠯᠵᠢᠶᠠᠨ ᠤ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠤᠶᠠᠨ ᠬᠠᠳᠠᠨ ᠴᠢᠨᠠᠷ ᠢᠯᠡᠷᠡᠵᠦ᠂ ᠭᠠᠳᠠᠭᠠᠳᠤ | ᠭᠠᠷᠭᠠᠯᠲᠠ ᠶᠢᠨ ᠪᠦᠲᠦᠭᠡᠭᠳᠡᠬᠦᠨ ᠤ ᠲᠥᠷᠥᠯ ᠵᠦᠢᠯ ᠡᠯᠪᠡᠭ ᠳᠡᠯᠪᠡᠭ ᠪᠤᠯᠪᠠ᠃ ᠦᠨᠳᠦᠰᠦᠨ ᠣᠷᠭᠠᠨᠢᠭ ᠬᠢᠮᠢ ᠶᠢᠨ | ᠪᠣᠳᠠᠰ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ᠂ ᠮᠠᠰᠢᠨ ᠴᠠᠬᠢᠯᠭᠠᠨ ᠤ ᠦᠢᠯᠡᠳᠬᠦᠨ ᠨᠢ ᠭᠠᠳᠠᠭᠠᠳᠤ ᠳᠤ | ᠭᠠᠷᠭᠠᠬᠤ ᠦᠢᠯᠡᠳᠬᠦᠨ ᠤ ᠲᠦᠷᠦᠭᠦᠦ ᠭᠤᠷᠪᠠ ᠳᠤ ᠣᠷᠣᠪᠠ᠃ ᠪᠣᠷᠳᠣᠭᠤᠷ ᠪᠤᠯ ᠭᠠᠳᠠᠭᠠᠳᠤ ᠳᠤ ᠭᠠᠷᠭᠠᠬᠤ ᠲᠠᠸᠠᠷ | ᠤᠨ ᠰᠢᠨ᠎ᠡ ᠪᠠᠷ ᠨᠡᠮᠡᠭᠳᠡᠭᠰᠡᠨ ᠵᠦᠢᠯ ᠪᠤᠯᠤᠨ᠎ᠠ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ ᠨᠢ ᠨᠡᠶᠢᠳᠡ 0. | 54 ᠳ᠋ᠦᠩᠰᠢᠭᠤᠷ ᠲᠥᠭᠦᠷᠢᠭ ᠲᠤ ᠬᠦᠷᠴᠦ᠂ ᠲᠠᠪᠤᠳᠤᠭᠠᠷ ᠲᠤ ᠣᠷᠣᠪᠡ᠃ ᠭᠠᠳᠠᠭᠠᠳᠤ ᠠᠴᠠ ᠣᠷᠣᠭᠤᠯᠤᠭᠰᠠᠨ | ᠦᠢᠯᠡᠳᠬᠦᠨ ᠨᠢ ᠠᠩᠬ᠎ᠠ ᠵᠡᠷᠭᠡ ᠶᠢᠨ ᠬᠡᠯᠪᠡᠷᠢ ᠲᠠᠢ ᠰᠦᠯᠢᠶᠥᠦ᠂ ᠮᠠᠰᠢᠨ ᠴᠠᠬᠢᠯᠭᠠᠨ ᠤ ᠦᠢᠯᠡᠳᠬᠦᠨ᠂ ᠦᠨᠳᠦᠰᠦᠨ | ᠣᠷᠭᠠᠨᠢᠭ ᠬᠢᠮᠢ ᠶᠢᠨ ᠪᠣᠳᠠᠰ ᠢᠶᠠᠷ ᠭᠤᠣᠯ ᠪᠣᠯᠭᠠᠵᠤ᠂ ᠠᠩᠬ᠎ᠠ ᠵᠡᠷᠭᠡ ᠶᠢᠨ ᠬᠡᠯᠪᠡᠷᠢ ᠲᠠᠢ ᠰᠦᠯᠢᠶᠥᠦ ᠨᠢ ᠰᠢᠨ᠎ᠡ ᠪᠠᠷ | ᠨᠡᠮᠡᠭᠳᠡᠭᠰᠡᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ | ᠦᠷᠳᠡᠭ ᠨᠢ ᠨᠡᠶᠢᠳᠡ 0.75 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠴᠠ ᠣᠷᠣᠭᠤᠯᠤᠭᠰᠠᠨ | ᠶᠡᠷᠦᠩᠬᠡᠢ ᠦᠷᠳᠡᠭ ᠤᠨ 42% ᠢ ᠡᠵᠡᠯᠡᠪᠡ᠃ |