ᠮᠠᠨ ᠤ ᠬᠤᠲᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠪᠠ ᠬᠢᠨᠠᠨ ᠵᠢᠯᠣᠭᠤᠳᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/30
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠮᠠᠨ ᠤ ᠬᠤᠲᠠ ᠶᠢᠨ ᠭᠤᠷᠪᠠᠨ ᠲᠣᠭᠤᠷᠢᠭ ᠲᠤ ᠭᠦᠨᠵᠡᠭᠡᠶᠢᠷᠡᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠤᠣᠯ ᠰᠡᠳᠦᠪᠲᠦ ᠬᠥᠮᠦᠵᠢᠯ ᠤᠬᠠᠭᠤᠯᠭ᠎ᠠ ᠶᠢᠨ ᠠᠭᠤᠷ ᠠᠮᠢᠰᠬᠤᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠲᠡᠷᠭᠡ ᠵᠣᠭᠰᠣᠬᠤ ᠡᠮᠬᠢ ᠵᠢᠷᠤᠮ ᠵᠡᠷᠭᠡ ᠪᠠᠶᠢᠳᠠᠯ᠂ ᠣᠯᠵᠤ ᠮᠡᠳᠡᠭᠰᠡᠨ ᠠᠰᠠᠭᠤᠳᠠᠯ ᠪᠠ ᠬᠦᠷᠦᠯᠴᠡᠬᠦ ᠶᠢ ᠲᠠᠯ᠎ᠠ ᠶᠢ ᠨᠢ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠴᠤ᠂ ᠬᠤᠯᠪᠣᠭᠳᠠᠯ ᠪᠦᠬᠦᠢ ᠨᠢᠭᠡᠴᠡ ᠶᠢᠨ ᠬᠢᠨ ᠢ ᠰᠠᠭᠤᠭᠠᠯᠢ ᠠᠷᠠᠳ ᠤᠨ ᠵᠢᠵᠢᠭ ᠲᠣᠭᠤᠷᠢᠭ᠂ ᠭᠤᠣᠯ ᠪᠣᠯᠬᠤ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠡᠮᠬᠢ ᠳᠢᠭᠯᠢᠮ ᠤᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠤᠭ ᠨᠣᠪᠰᠢ ᠪᠠ ᠡᠯᠳᠡᠪ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠢ ᠴᠠᠭ ᠲᠤᠬᠠᠢ ᠳᠤᠨᠢ ᠴᠡᠪᠡᠷᠯᠡᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢᠨ ᠬᠠᠮᠢᠶᠠᠷᠤᠯᠲᠠ ᠪᠠᠨ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠪᠳᠡᠷᠡᠵᠦ ᠬᠠᠭᠤᠴᠢᠷᠠᠭᠰᠠᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠴᠠᠭ ᠲᠤᠬᠠᠢ ᠳᠤᠨᠢ ᠢᠯᠡᠷᠡᠭᠦᠯᠵᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map