ᠭᠤᠣᠯ ᠰᠡᠳᠦᠪᠲᠦ ᠬᠥᠮᠦᠵᠢᠯ᠄ ᠼᠦᠢ ᠵᠢᠩ ᠶᠢᠩ ᠥᠪᠡᠷ ᠤᠨ ᠪᠠᠶᠢᠭ᠎ᠠ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/30
     1 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠢᠭᠡᠳᠦᠭᠡᠷ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠰᠤᠷᠤᠯᠴᠠᠨ ᠶᠠᠷᠢᠯᠴᠠᠵᠤ᠂ ᠰᠡᠳᠬᠢᠯ ᠤᠨ ᠦᠭᠡ ᠪᠠᠨ ᠬᠡᠯᠡᠵᠦ ᠰᠠᠨᠠᠯ ᠢᠶᠠᠨ ᠰᠣᠯᠢᠯᠴᠠᠪᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ  ᠢᠶᠠᠨ ᠮᠡᠳᠡᠭᠳᠡᠵᠦ᠂ ᠡᠭᠦᠷ ᠤᠨ ᠨᠠᠮ ᠤᠨ ᠡᠭᠦᠷ ᠤᠨ ᠤᠳᠤᠷᠢᠳᠬᠤ ᠪᠠᠭ ᠠᠰᠠᠭᠤᠳᠠᠯ ᠢᠶᠠᠨ ᠪᠠᠶᠢᠴᠠᠭᠠᠨ ᠦᠵᠡᠵᠦ᠂ ᠨᠠᠮ ᠤᠨ ᠡᠭᠦᠷ ᠤᠨ ᠨᠠᠮ ᠤᠨ ᠭᠡᠰᠢᠭᠦᠳ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠦᠭᠰᠡᠨ ᠪᠥᠭᠡᠳ ᠲᠤᠬᠠᠢ ᠶᠢᠨ ᠲᠠᠯᠠᠪᠤᠷ ᠲᠤ ᠨᠠᠮ ᠤᠨ ᠭᠡᠰᠢᠭᠦᠨ ᠤ ᠠᠷᠠᠳᠴᠢᠯᠠᠯ ᠤᠨ ᠦᠨᠡᠯᠡᠯᠲᠡ ᠬᠢᠪᠡ᠃      ᠼᠦᠢ ᠵᠢᠩ ᠶᠢᠩ ᠬᠡᠯᠡᠭᠰᠡᠨ ᠨᠢ᠂ ᠲᠤᠰ ᠣᠳᠠᠭᠠᠨ ᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠡᠮᠦᠨᠡᠬᠢ ᠪᠡᠯᠡᠳᠬᠡᠯ ᠭᠦᠢᠴᠡᠳ᠂ ᠪᠠᠶᠢᠴᠠᠭᠠᠨ ᠦᠵᠡᠵᠦ ᠵᠠᠳᠠᠯᠤᠯᠲᠠ ᠬᠢᠭᠰᠡᠨ ᠨᠢ ᠭᠦᠢᠴᠡᠳ᠂ ᠣᠪᠣᠷ ᠨᠢ ᠲᠥᠪ ᠴᠢᠩᠭ᠎ᠠ ᠨᠠᠷᠢᠨ ᠬᠢᠨᠠᠮᠠᠭᠠᠢ᠂ ᠲᠠᠨᠢᠯᠲᠠ ᠪᠠᠨ ᠳᠡᠭᠡᠭᠰᠢᠯᠡᠭᠦᠯᠬᠦ᠂ ᠦᠵᠡᠯ ᠰᠠᠨᠠᠭ᠎ᠠ ᠪᠠᠨ ᠨᠢᠭᠡᠳᠬᠡᠬᠦ᠂ ᠨᠥᠬᠦᠳ ᠢᠶᠠᠨ ᠬᠠᠪᠰᠤᠷᠬᠤ᠂ ᠪᠦᠯᠬᠦᠮᠳᠡᠯ ᠢ ᠴᠢᠩᠭᠠᠳᠬᠠᠬᠤ ᠵᠣᠷᠢᠯᠭ᠎ᠠ ᠳᠠᠭᠠᠨ ᠬᠦᠷᠴᠡᠢ ᠭᠡᠵᠡᠢ᠃      ᠼᠦᠢ ᠵᠢᠩ ᠶᠢᠩ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠢ ᠨᠤᠲᠠᠯᠠᠵᠤ ᠪᠠᠶᠢᠬᠤ ᠪᠠᠨ ᠢᠯᠡᠳᠭᠡᠪᠡ᠂ ᠲᠡᠷᠡ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠠᠯᠪᠠᠨ ᠭᠡᠷ ᠤᠨ ᠡᠯ᠎ᠡ ᠵᠦᠢᠯ ᠤᠨ ᠠᠵᠢᠯ ᠡᠮᠬᠢ ᠵᠢᠷᠤᠮ ᠲᠠᠢ᠂ ᠰᠠᠶᠢᠨ ᠪᠠᠶᠢᠳᠠᠯ ᠲᠠᠢ᠂ ᠦᠷ᠎ᠡ ᠪᠦᠲᠦᠮᠵᠢ ᠲᠠᠢ᠂ ᠡᠯ᠎ᠡ ᠲᠠᠯ᠎ᠠ ᠶᠢᠨ ᠬᠢᠨ ᠤ ᠥᠭᠡᠳᠡᠯᠡᠨ ᠳᠠᠪᠰᠢᠬᠤ ᠢᠳᠡᠪᠬᠢᠲᠡᠢ ᠬᠤᠪᠢᠷᠠᠯᠲᠠ ᠶᠢ ᠢᠯᠡᠷᠡᠭᠦᠯᠪᠡ᠃ ᠰᠢᠨ᠎ᠡ ᠨᠢᠭᠡ ᠵᠢᠯ ᠳᠤ᠂ ᠠᠯᠪᠠᠨ ᠭᠡᠷ ᠤᠨ ᠨᠠᠮ ᠤᠨ ᠭᠡᠰᠢᠭᠦᠨ ᠺᠠᠳ᠋ᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠳᠠᠮᠵᠢᠯᠭ᠎ᠠ ᠶᠢᠨ ᠲᠡᠩᠭᠡᠯᠢᠭ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠬᠤᠪᠢᠷᠠᠯᠲᠠ ᠶᠢ ᠴᠢᠷᠮᠠᠶᠢᠨ ᠢᠯᠡᠷᠡᠭᠦᠯᠵᠦ᠂ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃      ᠼᠦᠢ ᠵᠢᠩ ᠶᠢᠩ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠲᠤᠳᠬᠠᠨ ᠥᠷᠭᠡᠳᠬᠡᠬᠦ ᠶᠢᠨ ᠲᠣᠭᠤᠷᠢᠨ ᠳᠤ᠂ ᠬᠤᠪᠢ ᠬᠥᠮᠥᠨ ᠤ ᠥᠩᠭᠡᠷᠡᠯᠲᠡ ᠪᠠ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠯᠠᠭᠤ ᠺᠠᠳ᠋ᠷᠴᠤᠳ ᠲᠤ ᠲᠦᠷᠪᠡᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ᠵᠠᠰᠠᠭ ᠤᠨ ᠣᠷᠳᠣᠨ ᠤ ᠠᠯᠪᠠᠨ ᠭᠡᠷ ᠤᠨ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠷᠢ ᠲᠣᠭᠲᠠᠭᠠᠯᠲᠠ ᠶᠢ ᠰᠡᠷᠭᠡᠭ ᠢᠶᠠᠷ ᠲᠠᠨᠢᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠤᠯᠤᠰ ᠲᠥᠷᠥ ᠶᠢ ᠡᠷᠬᠢᠮᠯᠡᠬᠦ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠡᠬᠡ ᠪᠢᠴᠢᠭ ᠲᠤ ᠦᠢᠯᠡᠴᠢᠯᠡᠬᠦ᠂ ᠮᠡᠳᠡᠭᠡ ᠵᠠᠩᠭᠢ ᠶᠢ ᠰᠢᠮᠳᠠᠭᠤᠯᠤᠨ ᠪᠠᠶᠢᠴᠠᠭᠠᠬᠤ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠦᠨᠡᠨᠬᠦ ᠢᠯᠡᠷᠡᠭᠦᠯᠬᠦ ᠬᠡᠷᠡᠭᠲᠡᠢ᠃ ᠬᠤᠶᠠᠷ ᠲᠤ᠂ ᠰᠤᠷᠤᠯᠴᠠᠯᠭ᠎ᠠ ᠶᠢ ᠤᠷᠳᠦ ᠬᠤᠭᠤᠴᠠᠭ᠎ᠠ ᠪᠠᠷ ᠠᠳᠬᠤᠬᠤ ᠬᠡᠷᠡᠭᠲᠡᠢ᠃ ᠰᠤᠷᠤᠯᠴᠠᠯᠭ᠎ᠠ ᠶᠢ ᠨᠠᠰᠤᠨ ᠲᠤᠷᠰᠢᠲᠠ ᠶᠢᠨ ᠰᠡᠳᠦᠪ ᠪᠣᠯᠭᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠶᠢᠨ ᠮᠡᠳᠡᠯᠭᠡ ᠶᠢᠨ ᠨᠥᠭᠡᠴᠡ ᠪᠠᠨ ᠴᠢᠩᠭᠠᠳᠬᠠᠵᠤ᠂ ᠦᠢᠯᠡᠳᠦᠯᠭᠡ ᠶᠢᠨ ᠳᠤᠮᠳᠠ ᠰᠤᠷᠤᠯᠴᠠᠬᠤ ᠳᠠᠭᠠᠨ ᠴᠢᠳᠠᠮᠠᠭᠠᠢ ᠪᠠᠶᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠴᠢᠳᠠᠮᠠᠭᠠᠢ ᠪᠠᠷ ᠠᠵᠢᠯᠯᠠᠬᠤ ᠬᠡᠷᠡᠭᠳᠡᠢ᠃ ᠡᠷᠬᠡᠪᠰᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠡᠯ᠎ᠡ ᠵᠦᠢᠯ ᠤᠨ ᠠᠵᠢᠯ ᠤᠨ ᠡᠮᠦᠨ᠎ᠡ ᠡᠩᠨᠡᠭᠡᠨ ᠳᠤ ᠶᠠᠪᠤᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠪᠠᠷᠢᠮᠵᠢᠶ᠎ᠠ ᠪᠠᠨ ᠥᠨᠳᠥᠷ ᠲᠤᠭᠳᠠᠭᠠᠵᠤ᠂ ᠥᠨᠳᠥᠷ ᠪᠠᠷᠢᠮᠵᠢᠶ᠎ᠠ ᠶᠢ ᠪᠠᠷᠢᠮᠲᠠᠯᠠᠬᠤ ᠶᠢ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠪᠣᠯᠭᠠᠵᠤ᠂ ᠪᠢᠴᠢᠭ ᠮᠠᠲ᠋ᠧᠷᠢᠶᠠᠯ ᠪᠠ ᠬᠤᠷᠠᠯ ᠤᠨ ᠶᠠᠪᠤᠳᠠᠯ ᠰᠢᠢᠳᠪᠦᠷᠢᠯᠡᠬᠦ ᠳᠤ ᠨᠠᠷᠢᠨ ᠬᠢᠨᠠᠮᠠᠭᠠᠢ ᠬᠠᠨᠳᠤᠵᠤ᠂ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ︔ ᠬᠤᠷᠳᠤᠴᠠ ᠪᠠᠨ ᠲᠦᠷᠭᠡᠳᠬᠡᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠢ ᠡᠷᠡᠰ ᠲᠡᠪᠴᠢᠵᠦ᠂ ᠪᠤᠰᠢᠭᠤ ᠱᠠᠯᠠᠮᠠᠭᠠᠢ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ︔ ᠣᠪᠣᠷ ᠰᠤᠷᠲᠠᠯ ᠢᠶᠠᠨ ᠴᠢᠩᠭ᠎ᠠ ᠪᠠᠶᠢᠯᠭᠠᠵᠤ᠂ ᠲᠤᠶᠢᠯ ᠤᠨ ᠬᠠᠷᠢᠭᠤᠴᠠᠯᠭ᠎ᠠ ᠲᠠᠢ ᠠᠵᠢᠯ ᠤᠨ ᠰᠤᠷᠲᠠᠯ ᠢ ᠪᠠᠷᠢᠮᠲᠠᠯᠠᠵᠤ᠂ ᠰᠢᠯᠢᠳᠡᠭ ᠰᠠᠶᠢᠨ ᠠᠮᠢᠳᠤᠷᠠᠯ ᠤᠨ ᠰᠤᠷᠲᠠᠯ ᠢ ᠬᠥᠮᠥᠵᠢᠭᠦᠯᠵᠦ᠂ ᠦᠨᠡᠨᠬᠦ ᠰᠢᠯᠭᠠᠷᠠᠭᠰᠠᠨ ᠰᠤᠷᠲᠠᠯ ᠢᠶᠠᠷ ᠠᠯᠪᠠᠨ ᠭᠡᠷ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠳᠥᠷᠪᠡ ᠳᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠤᠷᠢᠭ᠎ᠠ ᠱᠣᠭᠤᠮ ᠢ ᠴᠢᠩᠭ᠎ᠠ ᠰᠠᠬᠢᠬᠤ ᠬᠡᠷᠡᠭᠳᠡᠢ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠲᠡᠷᠢᠭᠦᠨ ᠰᠠᠬᠢᠯᠭ᠎ᠠ ᠪᠣᠯᠭᠠᠬᠤ ᠶᠢ ᠪᠠᠷᠢᠮᠲᠠᠯᠠᠵᠤ᠂ ︽ᠠᠷᠢᠭᠤᠨ ᠴᠢᠬᠡᠴᠢ᠂ ᠪᠣᠯᠭᠤᠮᠵᠢᠲᠠᠢ᠂ ᠠᠵᠢᠯᠴᠢ︾ ᠪᠠᠶᠢᠬᠤ ᠱᠠᠭᠠᠷᠳᠠᠯᠭ᠎ᠠ ᠶᠣᠰᠣᠭᠠᠷ᠂ ᠭᠠᠵᠠᠷ ᠪᠣᠯᠭᠠᠨ ᠳᠤ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠴᠠᠭ ᠢᠮᠠᠭᠲᠠ ᠥᠪᠡᠷ ᠢ ᠪᠠᠨ ᠰᠡᠷᠡᠮᠵᠢᠯᠡᠭᠦᠯᠦᠨ ᠥᠪᠡᠷ ᠢ ᠪᠠᠨ ᠵᠣᠷᠢᠭᠵᠢᠭᠤᠯᠵᠤ᠂ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠢᠩᠭ᠎ᠠ ᠡᠵᠡᠮᠳᠡᠵᠦ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠣᠪᠣᠷ ᠲᠥᠪ ᠰᠤᠷᠲᠠᠯ ᠴᠢᠬᠡᠴᠢ ᠪᠠᠶᠢᠳᠠᠯ ᠢ ᠬᠠᠳᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map