︵2024 ᠣᠨ ᠤ 1 ᠰᠠᠷ᠎ᠠ ᠶᠢᠨ 26 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ | ᠬᠤᠲᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ 2024 ᠣᠨ ᠤ 1 ᠰᠠᠷ᠎ᠠ ᠶᠢᠨ 26 ᠤ ᠡᠳᠦᠷ | ᠬᠤᠷᠠᠯᠳᠤᠪᠠ᠃ ᠡᠨᠡ ᠣᠳᠠᠭᠠᠨ ᠤ ᠪᠦᠭᠦᠳᠡ ᠬᠤᠷᠠᠯ ᠳᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠡᠰᠢᠭᠦᠨ 23 ᠬᠥᠮᠥᠨ ᠣᠷᠣᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠵᠢᠴᠢ | ᠬᠤᠯᠪᠣᠭᠳᠠᠯ ᠪᠦᠬᠦᠢ ᠲᠠᠯ᠎ᠠ ᠶᠢᠨ ᠤᠳᠤᠷᠢᠳᠬᠤ ᠨᠥᠬᠦᠳ ᠬᠤᠷᠠᠯ ᠳᠤ ᠤᠷᠤᠯᠴᠠᠪᠠ᠃ | ᠪᠦᠭᠦᠳᠡ ᠬᠤᠷᠠᠯ ᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ | ᠡᠷᠭᠢᠯᠡᠪᠡ᠃ ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠣ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ | ᠪᠣᠯᠣᠨ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2023 ᠣᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢᠶᠠᠨ ᠡᠷᠭᠢᠴᠡᠭᠦᠯᠵᠦ᠂ 2024 ᠣᠨ ᠤ ᠡᠭᠦᠷᠭᠡ ᠪᠠᠨ ᠪᠠᠶᠢᠷᠢᠯᠠᠭᠤᠯᠵᠤ᠂ ᠯᠢ ᠳ᠋ᠦᠩ | ᠨᠥᠬᠦᠷ ᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ | ᠬᠢᠭᠰᠡᠨ ︽ᠪᠥᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ | ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠢᠯᠡᠳᠭᠡᠯ ᠢ ᠬᠢᠨᠠᠨ | ᠵᠦᠪᠯᠡᠵᠦ ᠪᠠᠲᠤᠯᠠᠪᠠ᠃ | ᠪᠥᠬᠦᠳᠡ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠲᠡᠭᠡᠷᠡᠭᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠠ ᠯᠢ ᠰᠢ ᠨᠥᠬᠦᠷ ᠤᠨ ᠬᠢᠭᠰᠡᠨ ᠠᠵᠢᠯ ᠤᠨ ᠢᠯᠡᠳᠬᠡᠯ ᠢ ᠬᠢᠨᠠᠮᠠᠭᠠᠢ ᠰᠤᠷᠤᠯᠴᠠᠨ ᠭᠦᠨᠵᠡᠭᠡᠢ | ᠣᠶᠢᠯᠠᠭᠠᠪᠠ᠃ ᠰᠠᠨᠠᠯ ᠨᠢᠭᠡᠲᠡᠢ ᠦᠵᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠲᠡᠭᠡᠷᠡᠭᠢ | ᠴᠢᠬᠤᠯᠠ ᠶᠠᠷᠢᠶ᠎ᠠ ᠨᠢ᠂ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠥᠨᠳᠥᠷᠴᠡ | ᠠᠴᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠭᠤᠷᠪᠠᠨ ᠴᠢᠬᠤᠯᠠ | ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠠᠬᠢᠭᠤᠯᠬᠤ ︽ᠶᠢᠰᠦᠨ ᠪᠠᠷ ︵ ᠢᠶᠠᠷ︶︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠤᠭᠰᠠᠨ ᠨᠢ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠶᠢᠨ ᠦᠨᠳᠦᠰᠦᠨ | ᠵᠢᠷᠤᠮᠯᠠᠯ ᠮᠥᠨ᠃ ᠯᠢ ᠰᠢ ᠨᠥᠬᠦᠷ ᠤᠨ ᠬᠢᠭᠰᠡᠨ ᠠᠵᠢᠯ ᠤᠨ ᠢᠯᠡᠳᠬᠡᠯ ᠳᠤ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠪᠣᠳᠠᠲᠠᠢ | ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠦᠵᠡᠯ ᠰᠠᠨᠠᠭ᠎ᠠ ᠪᠣᠯᠣᠨ ᠦᠢᠯᠡ | ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠢ ᠴᠢᠬᠤᠯᠠ ᠦᠵᠡᠯ ᠰᠠᠨᠠᠭ᠎ᠠ ᠲᠠᠢ ᠨᠢᠭᠡᠳᠬᠡᠵᠦ᠂ ᠰᠢᠨ᠎ᠡ ᠠᠶᠠᠨ ᠵᠠᠮ ᠳᠤ ᠡᠭᠦᠷᠭᠡ ᠬᠠᠷᠢᠭᠤᠴᠠᠯᠭ᠎ᠠ ᠪᠠᠨ | ᠦᠨᠡᠨᠴᠢ ᠪᠠᠷ ᠭᠦᠢᠴᠡᠳᠬᠡᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠪᠠᠶᠢᠳᠠᠯ ᠢ ᠪᠤᠢ | ᠪᠣᠯᠭᠠᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠡᠢ᠃ | ᠪᠦᠬᠦᠳᠡ ᠬᠤᠷᠠᠯ ᠠᠴᠠ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ᠯᠢᠦ ᠱᠤᠸᠠᠩ ᠨᠥᠬᠦᠷ ᠤᠨ ᠬᠢᠭᠰᠡᠨ ᠠᠵᠢᠯ ᠤᠨ ᠢᠯᠡᠳᠬᠡᠯ ᠢ ᠨᠠᠷᠢᠨ | ᠬᠢᠨᠠᠮᠠᠭᠠᠢ ᠰᠤᠷᠤᠯᠴᠠᠪᠠ᠃ ᠰᠠᠨᠠᠯ ᠨᠢᠭᠡᠲᠡᠢ ᠦᠵᠡᠭᠰᠡᠨ ᠨᠢ᠂ ᠰᠦᠨ ᠱᠤᠤ ᠴᠧᠩ ᠨᠥᠬᠦᠷ ᠤᠨ ᠶᠠᠷᠢᠶ᠎ᠠ ᠨᠢ ᠪᠦᠬᠦ | ᠣᠷᠣᠨ ᠤ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠠᠬᠢᠭᠤᠯᠬᠤ ᠳᠤ ᠪᠠᠶᠢᠷᠢᠯᠠᠭᠤᠯᠤᠯᠲᠠ ᠬᠢᠵᠦ᠂ ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ | ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠃ ᠯᠢᠦ ᠱᠤᠸᠠᠩ ᠨᠥᠬᠦᠷ ᠤᠨ ᠠᠵᠢᠯ ᠤᠨ ᠢᠯᠡᠳᠬᠡᠯ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠪᠣᠯᠣᠨ ᠰᠦᠨ ᠱᠤᠤ ᠴᠧᠩ ᠨᠥᠬᠦᠷ ᠤᠨ ᠶᠠᠷᠢᠶᠠᠨ ᠤ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠮᠦᠷᠳᠡᠭᠡᠨ ᠰᠢᠰᠲ᠋ᠧᠮ ᠲᠠᠢ᠂ ᠦᠨᠡᠨ ᠠᠴᠠ ᠵᠥᠪ ᠢ ᠡᠷᠢᠵᠦ᠂ | ᠰᠡᠳᠬᠢᠴᠡ ᠲᠣᠳᠣᠷᠬᠠᠢ᠂ ᠰᠢᠨᠵᠢᠯᠡᠬᠦ ᠤᠬᠠᠭᠠᠨᠴᠢ ᠮᠦᠷᠳᠡᠭᠡᠨ ᠪᠣᠳᠠᠲᠠᠢ ᠶᠢ ᠡᠷᠬᠢᠮᠯᠡᠭᠰᠡᠨ ᠪᠠᠶᠢᠨ᠎ᠠ᠃ ᠲᠠᠩ ᠢ | ᠨᠥᠬᠦᠷ ᠤᠨ ᠬᠤᠳᠠ ᠶᠢᠨ ᠨᠠᠮ ᠤᠨ ᠬᠤᠷᠢᠶᠠᠨ ᠤ ᠡᠮᠦᠨ᠎ᠡ ᠠᠴᠠ ᠲᠠᠯᠪᠢᠭᠰᠠᠨ ᠶᠠᠷᠢᠶ᠎ᠠ ᠨᠢ ᠰᠢ ᠶᠢᠨ ᠫᠢᠩ ᠶᠡᠷᠦᠩᠬᠡᠢ | ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠮᠠᠨ ᠤ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ | ᠢᠯᠵᠠᠷᠠᠯ ᠤᠨ ᠡᠭᠦᠰᠬᠦ ᠬᠥᠷᠥᠰᠥ ᠰᠢᠷᠣᠢ ᠪᠠ ᠨᠥᠬᠦᠴᠡᠯ ᠢ ᠡᠷᠡᠰ ᠠᠷᠢᠯᠭᠠᠵᠤ᠂ ᠢᠮᠠᠭᠲᠠ ᠴᠢᠩᠭ᠎ᠠ ᠬᠥᠭ | ᠠᠶᠠᠰ ᠢᠶᠠᠷ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠬᠤ ᠲᠤᠬᠠᠢ | ᠲᠣᠳᠣᠷᠬᠠᠢ ᠱᠠᠭᠠᠷᠳᠠᠯᠭ᠎ᠠ ᠳᠤᠷᠠᠳᠪᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠭᠦᠨᠵᠡᠭᠡᠢ ᠣᠶᠢᠯᠠᠭᠠᠵᠤ᠂ ᠡᠷᠡᠰ ᠲᠤᠤᠱᠯᠠᠭᠤᠯᠵᠤ᠂ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠪᠦᠬᠦᠳᠠ ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠳᠤ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠬᠤᠳᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠪᠡ᠃ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠠᠷᠢᠨ ᠤᠬᠠᠪᠤᠷᠢᠯᠠᠵᠤ ᠯᠠᠪᠳᠠᠭᠤᠨ ᠪᠠᠲᠤᠲᠠᠢ ᠬᠡᠷᠡᠭᠵᠢᠭᠦᠯᠪᠡ᠃ ᠢᠮᠠᠭᠲᠠ ᠭᠤᠣᠯᠳᠠᠯᠭ᠎ᠠ ᠶᠢᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ | ᠣᠨᠣᠪᠴᠢᠲᠠᠢ ᠪᠣᠯᠭᠠᠬᠤ᠂ ᠪᠠᠶᠢᠩᠭᠤᠵᠢᠭᠤᠯᠬᠤ ᠠᠵᠢᠯ ᠢ ᠭᠦᠨᠵᠡᠭᠡᠢ ᠪᠣᠳᠠᠲᠠᠶᠢᠵᠢᠭᠤᠯᠪᠠ᠃ ᠳᠠᠬᠢᠨ ᠢᠯᠡᠷᠡᠬᠦ ᠶᠢ | ᠰᠡᠷᠭᠡᠢᠯᠡᠬᠦ᠂ ᠳᠠᠯᠳᠠ ᠬᠤᠪᠢᠷᠠᠯᠲᠠ ᠭᠠᠷᠬᠤ ᠶᠢ ᠰᠡᠷᠭᠡᠢᠯᠡᠬᠦ᠂ ᠲᠠᠮᠢᠷᠳᠠᠵᠦ ᠲᠠᠶᠢᠨ ᠠᠴᠠ ᠵᠢᠷᠦᠭᠡᠰᠢᠬᠦ ᠠᠴᠠ ᠰᠡᠷᠭᠡᠶᠢᠯᠡᠬᠦ | ᠶᠢ ᠪᠠᠷᠢᠮᠳᠠᠯᠠᠵᠤ᠂ ︽ᠲᠦᠷᠪᠡᠨ ᠰᠤᠷᠲᠠᠯ︾ ᠢ ᠨᠢᠭᠡ ᠮᠥᠴᠡ ᠴᠦ ᠰᠤᠯᠠᠷᠠᠭᠤᠯᠤᠯ ᠦᠭᠡᠢ ᠪᠠᠷ ᠵᠠᠯᠠᠷᠠᠭᠤᠯᠤᠨ ᠵᠠᠰᠠᠪᠡ᠃ | ᠢᠮᠠᠭᠲᠠ ᠴᠢᠩᠭ᠎ᠠ ᠲᠤᠤᠱᠯᠠᠭᠤᠯᠬᠤ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ | ᠠᠮᠢᠰᠬᠤᠯ ᠢᠶᠠᠷ ᠢᠯᠵᠠᠷᠠᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠳᠭᠡᠵᠦ ᠵᠠᠰᠠᠬᠤ ᠬᠡᠷᠡᠭᠲᠡᠢ᠃ ᠠᠷᠠᠳ | ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠰᠠᠬᠢᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠢᠳᠡᠪᠬᠢᠲᠡᠢ ᠬᠠᠷᠢᠭᠤᠯᠲᠠ ᠦᠭᠪᠡ᠃ ᠢᠮᠠᠭᠲᠠ ᠠᠶᠤᠯᠭᠠᠨ ᠰᠦᠷᠳᠡᠭᠦᠯᠬᠦ ᠶᠢ ᠪᠡᠶᠡᠯᠡᠭᠦᠯᠵᠦ᠂ ᠤᠯᠤᠰ | ᠲᠦᠷᠦ ᠶᠢᠨ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠪᠡ᠃ | ᠬᠢᠲᠤᠭ᠎ᠠ ᠶᠢᠨ ᠢᠷ ᠢᠶᠠᠨ ᠳᠣᠲᠣᠭᠰᠢ ᠬᠠᠨᠳᠤᠭᠤᠯᠤᠨ ᠰᠤᠷᠭᠠᠨ ᠬᠥᠮᠥᠵᠢᠭᠦᠯᠵᠦ ᠴᠡᠭᠴᠡᠯᠡᠬᠦ ᠠᠵᠢᠯ ᠢ ᠥᠷᠨᠢᠭᠦᠯᠵᠦ᠂ | ᠴᠢᠨᠠᠷ ᠴᠢᠨᠰᠠᠭ᠎ᠠ ᠪᠠᠷ ᠨᠡᠩ ᠰᠠᠶᠢᠨ᠂ ᠴᠡᠪᠡᠷᠴᠡ ᠪᠠᠷ ᠨᠡᠩ ᠥᠨᠳᠥᠷ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠥᠬᠦ | ᠬᠤᠲᠠ ᠶᠢᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ | ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠷᠭᠦᠯᠵᠢᠯᠡᠨ ᠰᠢᠢᠳᠪᠦᠷᠢᠯᠡᠬᠦ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢᠶᠠᠨ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ | ᠶᠢ ᠡᠷᠡᠰ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠤ ᠲᠤᠮᠳᠠ ᠤᠷᠤᠭᠰᠢᠯᠠᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠣᠯ | ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠪᠣᠯᠣᠨ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠨᠠᠮ ᠤᠨ ᠳᠦᠷᠢᠮ ᠪᠣᠯᠣᠨ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ | ᠶᠡᠬᠡᠪᠡᠷ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ | ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠭᠦᠨᠵᠡᠭᠡᠢ | ᠠᠬᠢᠭᠤᠯᠵᠤ᠂ ᠰᠢᠨ᠎ᠡ ᠠᠶᠠᠨ ᠵᠠᠮ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠨᠢᠭᠡᠳᠦᠭᠡᠷ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠣᠨᠴᠠᠭᠠᠶᠢᠯᠠᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ | ᠪᠣᠯᠣᠨᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ᠂ ᠤᠨᠤᠯ ᠤᠨ ᠰᠣᠷᠣᠯᠴᠠᠯᠭ᠎ᠠ ᠶᠢᠨ ᠭᠤᠣᠯᠳᠠᠯᠭᠠᠲᠤ ᠳᠤᠭᠤᠶᠢᠯᠠᠩ ᠤᠨ | ᠰᠤᠷᠤᠯᠴᠠᠯᠭ᠎ᠠ ᠶᠢᠨ ᠵᠠᠪᠠᠯ ᠰᠤᠷᠬᠤ ᠬᠢᠴᠢᠶᠡᠯ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ | ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠰᠢᠵᠢᠮ ᠪᠣᠯᠭᠠᠵᠤ᠂ ᠭᠦᠨᠵᠡᠭᠡᠶᠢᠷᠡᠭᠦᠯᠬᠦ᠂ ᠰᠢᠩᠭᠡᠭᠡᠬᠦ᠂ | ᠬᠤᠪᠢᠷᠠᠭᠤᠯᠬᠤ ᠪᠠᠷ ᠳᠠᠮᠵᠢᠭᠤᠯᠤᠨ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠦᠨᠡᠨ ᠬᠦ ᠪᠠᠲᠤᠯᠠᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠰᠤᠷᠲᠠᠯ ᠢᠶᠠᠨ | ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠪᠣᠳᠠᠲᠤ ᠦᠷ᠎ᠡ ᠪᠦᠲᠦᠮᠵᠢ ᠪᠣᠯᠭᠠᠨ | ᠲᠠᠰᠤᠷᠠᠯᠲᠠ ᠦᠭᠡᠢ ᠬᠤᠪᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠪᠴᠢᠲᠠᠢ ᠪᠣᠯᠭᠠᠬᠤ᠂ | ᠪᠠᠶᠢᠩᠭᠤᠵᠢᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠰᠠᠬᠢᠯᠭ᠎ᠠ | ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠤᠯᠤᠰ ᠲᠦᠷᠦ ᠶᠢᠨ ᠠᠳᠡᠬᠦᠦ ᠪᠤᠷᠤᠭᠤ ᠶᠢ ᠡᠷᠡᠰ | ᠵᠠᠯᠠᠷᠠᠭᠤᠯᠵᠤ᠂ ᠤᠯᠤᠰ ᠲᠦᠷᠦ ᠶᠢᠨ ᠲᠠᠯᠳᠠ ᠭᠡᠮ ᠢ ᠠᠷᠢᠯᠭᠠᠬᠤ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ | ᠦᠨᠳᠦᠰᠦᠨ ᠪᠣᠳᠣᠯᠭ᠎ᠠ ᠴᠢᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠪᠣᠶᠢᠮ᠎ᠠ ᠠᠰᠠᠭᠤᠳᠠᠯ ᠢ ᠡᠷᠡᠰ | ᠵᠠᠯᠠᠷᠠᠭᠤᠯᠤᠨ ᠵᠠᠰᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ | ᠭᠤᠣᠯ ᠰᠢᠵᠢᠮ ᠪᠤᠯᠭᠠᠬᠤ ᠪᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠲᠤᠬᠠᠢ ᠠᠯᠢ ᠤᠯᠠᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠶᠢᠳᠠᠯ ᠳᠤ ᠪᠦᠬᠦ ᠶᠠᠪᠤᠴᠠ ᠶᠢᠨ | ᠬᠢᠨᠠᠯᠲᠠ ᠲᠠᠯᠪᠢᠬᠤ ᠬᠡᠷᠡᠭᠳᠡᠢ᠃ ᠡᠯ᠎ᠡ ᠱᠠᠲᠤᠨ ᠤ ︽ᠭᠤᠤᠯ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠤᠨ | ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠴᠢᠩᠭ᠎ᠠ ᠡᠭᠦᠷᠭᠡᠯᠡᠬᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠬᠤ ᠶᠢ | ᠲᠦᠯᠬᠢᠨ ᠠᠬᠢᠭᠤᠯᠬᠤ ᠬᠡᠷᠡᠭᠳᠡᠢ᠃ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ ᠵᠣᠬᠢᠴᠠᠭᠤᠯᠬᠤ | ᠲᠣᠭᠲᠠᠴᠠ ᠶᠢᠨ ᠠᠵᠢᠯᠯᠠᠭᠠᠨ ᠤ ᠬᠢᠷᠢ ᠲᠦᠪᠰᠢᠨ ᠢᠶᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠢᠨᠠᠯᠲᠠ | ᠲᠠᠯᠪᠢᠯᠲᠠ ᠶᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠪᠠᠨ ᠭᠤᠷᠪᠠᠨ ᠲᠤᠭᠤᠷᠢᠭ ᠳᠠᠰᠢ ᠤᠷᠲᠤᠳᠬᠠᠬᠤ ᠶᠢ | ᠠᠬᠢᠭᠤᠯᠬᠤ ᠬᠡᠷᠡᠭᠳᠡᠢ᠃ | ᠭᠤᠷᠪᠠᠳᠤᠭᠠᠷ ᠲᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ | ᠤᠳᠠᠭᠠᠨ ᠳᠠᠭᠠᠭᠠᠮᠠᠭᠠᠢ ᠲᠠᠶᠢᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠬᠡᠷᠡᠭᠲᠡᠢ᠃ ᠬᠤᠳᠠ ᠶᠢᠨ ᠨᠠᠮ ᠤᠨ | ᠬᠤᠷᠢᠶᠠᠨ ᠤ ᠢᠯᠵᠠᠷᠠᠯ ᠢ ᠡᠰᠡᠷᠭᠦᠴᠡᠬᠦ ᠵᠣᠬᠢᠴᠠᠭᠤᠯᠬᠤ ᠳᠤᠭᠤᠶᠢᠯᠠᠩ ᠤᠨ ᠦᠢᠯᠡᠳᠦᠯ ᠢᠶᠠᠨ ᠭᠦᠢᠴᠡᠳ | ᠪᠠᠳᠠᠷᠠᠭᠤᠯᠬᠤ ᠬᠡᠷᠡᠭᠳᠡᠢ᠃ ᠵᠠᠰᠠᠭ ᠬᠤᠳᠠᠯᠳᠤᠭᠠᠴᠢᠨ ᠰᠥᠯᠪᠡᠭᠡᠯᠳᠦᠭᠰᠡᠨ ᠢᠯᠵᠠᠷᠠᠯ ᠤᠨ ᠠᠰᠠᠭᠤᠳᠠᠯ ᠢ ᠴᠢᠩᠭ᠎ᠠ | ᠪᠠᠶᠢᠴᠠᠭᠠᠵᠤ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ᠂ | ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠪᠠᠶᠢᠩᠭᠤᠵᠢᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠳᠡᠢ᠃ ᠬᠢᠨᠠᠨ ᠪᠤᠳᠣᠯᠳᠠ᠂ ᠴᠠᠭᠳᠠᠨ | ᠪᠠᠶᠢᠴᠠᠭᠠᠯᠳᠠ ᠬᠢᠨᠠᠨ ᠪᠠᠶᠢᠴᠠᠭᠠᠯᠳᠠ ᠵᠡᠷᠭᠡ ᠶᠢᠨ ᠰᠢᠯᠵᠢᠭᠦᠯᠦᠨ ᠬᠦᠷᠭᠡᠭᠰᠡᠨ ᠠᠰᠠᠭᠤᠳᠠᠯ ᠤᠨ ᠰᠦᠪᠡᠭᠴᠢ ᠶᠢ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠢᠭᠠᠨ ᠲᠣᠭᠲᠠᠭᠠᠭᠰᠠᠨ ᠬᠠᠷᠢᠶᠠᠨ ᠤ ᠲᠤᠲᠤᠷᠠᠭᠢ | ᠬᠡᠷᠡᠭ ᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠬᠦ ᠬᠡᠷᠡᠭᠳᠡᠢ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠢ ᠬᠠᠮᠲᠤ | ᠳᠤᠨᠢ ᠪᠠᠶᠢᠴᠠᠭᠠᠬᠤ ᠶᠢ ᠭᠦᠨᠵᠡᠭᠡᠢ ᠠᠬᠢᠭᠤᠯᠬᠤ ᠬᠡᠷᠡᠭᠳᠡᠢ᠃ ᠬᠡᠷᠡᠭ ᠢᠶᠠᠷ ᠴᠡᠭᠴᠡᠯᠡᠯᠳᠡ ᠶᠢ ᠠᠬᠢᠭᠤᠯᠬᠤ᠂ ᠬᠡᠷᠡᠭ ᠢᠶᠠᠷ | ᠵᠠᠰᠠᠯᠳᠠ ᠶᠢ ᠠᠬᠢᠭᠤᠯᠬᠤ ᠪᠠ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠵᠤ᠂ ︽ᠰᠤᠷᠲᠠᠯ ᠢᠶᠠᠨ ᠲᠥᠪ ᠪᠣᠯᠭᠠᠵᠤ ᠢᠯᠵᠠᠷᠠᠯ ᠢ ᠡᠰᠡᠷᠭᠦᠴᠡᠬᠦ︾ ᠠᠷᠢᠭᠤᠨ ᠴᠢᠬᠡᠴᠢ ᠨᠠᠷᠠᠲᠤ | ᠲᠡᠮᠳᠡᠭ ᠢ ᠪᠣᠶ ᠪᠣᠯᠭᠠᠬᠤ ᠬᠡᠷᠡᠭᠳᠡᠢ᠃ | ᠳᠥᠷᠪᠡᠳᠦᠭᠡᠷ ᠲᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭᠠᠨ ᠤ | ᠬᠠᠰᠢᠯᠭ᠎ᠠ ᠶᠢ ᠦᠷᠭᠦᠯᠵᠢᠯᠡᠨ ᠭᠦᠨᠵᠡᠭᠡᠢ ᠪᠠᠬᠢᠵᠢᠭᠦᠯᠬᠦ ᠬᠡᠷᠡᠭᠳᠡᠢ᠃ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ | ᠰᠤᠷᠲᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ | ᠲᠤᠰᠬᠠᠶᠢᠯᠠᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠰᠤᠷᠲᠠᠯ ᠢᠯᠵᠠᠷᠠᠯ ᠢ | ᠬᠠᠮᠲᠤ ᠳᠤᠨᠢ ᠪᠠᠶᠢᠴᠠᠭᠠᠵᠤ ᠬᠠᠮᠲᠤ ᠳᠤᠨᠢ ᠵᠠᠰᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠳᠡᠢ᠃ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠴᠡᠯᠡᠨ ᠵᠠᠰᠠᠵᠤ᠂ ︽ᠭᠤᠷᠪᠠᠨ ᠤᠯᠠᠨ ᠭᠤᠷᠪᠠᠨ ᠴᠥᠭᠡᠨ | ᠭᠤᠷᠪᠠᠨ ᠤᠳᠠᠭᠠᠨ︾ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠵᠡᠷᠭᠡ ᠠᠰᠠᠭᠤᠳᠠᠯ ᠢ ᠡᠷᠡᠰ ᠴᠡᠭᠴᠡᠯᠡᠨ | ᠵᠠᠰᠠᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ | ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ | ᠱᠠᠭᠠᠷᠳᠠᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠬᠤ ᠬᠡᠷᠡᠭᠳᠡᠢ᠃ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢᠶᠠᠨ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ | ᠦᠢᠯᠡᠴᠢᠯᠡᠭᠡ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠤ ᠠᠬᠤᠶᠢᠯᠠᠯ ᠳᠤ | ᠬᠤᠯᠪᠣᠭᠳᠠᠬᠤ ᠦᠢᠯᠡᠴᠢᠯᠡᠭᠡᠨ ᠤ ᠳᠤᠮᠳᠠᠬᠢ ᠦᠯᠦ ᠬᠦᠢᠴᠡᠳᠭᠡᠬᠦ᠂ ᠳᠤᠷ᠎ᠠ ᠪᠠᠷ ᠢᠶᠠᠨ ᠬᠦᠢᠴᠡᠳᠭᠡᠬᠦ᠂ ᠬᠠᠷᠢᠯᠴᠠᠨ | ᠲᠦᠯᠬᠢᠯᠴᠡᠬᠦ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ | ᠲᠠᠪᠤᠳᠤᠭᠠᠷ ᠲᠤ᠂ ᠨᠠᠮ ᠤᠨ ᠰᠠᠬᠢᠯᠭ᠎ᠠ ᠪᠠᠲᠤ ᠶᠢ ᠦᠷᠭᠦᠯᠵᠢᠯᠡᠨ ᠭᠦᠨᠵᠡᠭᠡᠢ ᠴᠢᠩᠭᠠᠳᠬᠠᠬᠤ ᠬᠡᠷᠡᠭᠲᠡᠢ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ᠢ ᠰᠤᠷᠤᠯᠴᠠᠨ | ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ | ᠶᠣᠰᠣᠭᠠᠷ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠳᠡᠢ᠃ | ︽ᠲᠦᠷᠪᠡᠨ ᠵᠦᠢᠯ ᠤᠨ ᠪᠠᠶᠢᠳᠠᠯ︾ ᠢ ᠵᠢᠷᠤᠮᠵᠢᠭᠤᠯᠤᠨ ᠬᠡᠷᠡᠭᠯᠡᠵᠦ᠂ ᠨᠠᠷᠢᠯᠢᠭ ᠣᠨᠣᠴᠠᠲᠠᠢ ᠪᠠᠷ ᠴᠢᠨᠠᠷ ᠪᠠ ᠰᠠᠬᠢᠯᠭ᠎ᠠ | ᠪᠠᠲᠤ ᠶᠢ ᠦᠨᠳᠦᠰᠦᠯᠡᠨ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠳᠡᠢ᠃ ︽ᠭᠤᠷᠪᠠ ᠶᠢ ᠢᠯᠭᠠᠬᠤ︾ | ᠱᠠᠭᠠᠷᠳᠠᠯᠭ᠎ᠠ ᠶᠢ ᠪᠣᠳᠠᠲᠠᠶᠢᠵᠢᠭᠤᠯᠤᠨ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠭᠦᠳᠬᠡᠨ ᠭᠦᠵᠢᠷᠯᠡᠬᠦ ᠦᠶᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠷ᠎ᠡ ᠲᠥᠷᠥ ᠶᠢ ᠨᠢ ᠲᠣᠳᠣᠷᠬᠠᠶᠢᠯᠠᠨ ᠲᠥᠪ ᠪᠣᠯᠭᠠᠬᠤ | ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠠᠪᠬᠤ︾ ᠬᠡᠯᠪᠡᠷᠢ ᠪᠠᠷ | ᠰᠢᠳᠬᠡᠯ ᠣᠯᠣᠭᠰᠠᠨ ᠺᠠᠳ᠋ᠷᠴᠤᠳ ᠤᠨ ᠬᠠᠷᠢᠭᠤ ᠰᠤᠷᠪᠤᠯᠵᠢᠯᠠᠬᠤ ᠬᠥᠮᠦᠵᠢᠯ ᠢᠶᠠᠨ ᠰᠠᠶᠢᠲᠤᠷ ᠬᠢᠵᠦ᠂ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠢᠶᠠᠨ ᠨᠠᠷᠢᠯᠢᠭᠵᠢᠭᠤᠯᠤᠨ ᠪᠣᠳᠠᠲᠠᠶᠢᠵᠢᠭᠤᠯᠬᠤ ᠬᠡᠷᠡᠭᠳᠡᠢ᠃ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠤᠨᠢᠨ ᠳᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠬᠤ | ᠬᠡᠷᠡᠭᠳᠡᠢ᠃ | ᠵᠢᠷᠭᠤᠳᠤᠭᠠᠷ ᠲᠤ᠂ ᠤᠯᠤᠰ ᠲᠦᠷᠦ ᠶᠢᠨ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠪᠠᠨ ᠦᠷᠭᠦᠯᠵᠢᠯᠡᠨ | ᠰᠠᠶᠢᠲᠤᠷ ᠠᠷᠴᠢᠬᠤ ᠬᠡᠷᠡᠭᠲᠡᠢ᠃ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠤᠶᠠᠷ | ᠡᠭᠡᠯᠵᠢ ᠶᠢᠨ ᠬᠡᠪ ᠤᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ᠲᠤᠰᠬᠠᠢ ᠳᠦᠷᠦᠯ ᠤᠨ ᠴᠠᠭᠳᠠᠨ ᠪᠠᠶᠢᠴᠠᠭᠠᠯᠲᠠ | ᠪᠠ ︽ᠡᠷᠬᠢᠨ ᠬᠠᠷᠠᠬᠤ︾ ᠠᠵᠢᠯᠯᠠᠭ᠎ᠠ ᠶᠢ ᠠᠮᠢᠳᠤᠯᠢᠭ ᠢᠶᠠᠷ ᠥᠷᠨᠢᠭᠦᠯᠬᠦ ᠬᠡᠷᠡᠭᠳᠡᠢ᠃ ᠴᠠᠭᠳᠠᠨ ᠪᠠᠶᠢᠴᠠᠭᠠᠭᠰᠠᠨ ᠤ | ᠳᠠᠷᠠᠭᠠᠬᠢ ᠦᠨᠡᠯᠡᠨ ᠵᠢᠱᠢᠬᠦ ᠵᠡᠷᠭᠡ ᠳᠦᠷᠢᠮ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃ ᠴᠠᠭᠳᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ | ᠤᠨ ᠠᠵᠢᠯ ᠤᠨ ᠲᠣᠭᠲᠠᠴᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠲᠤᠭᠤᠷᠢᠭ ᠤᠨ | ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠢ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ | ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠬᠤ ᠠᠵᠢᠯ ᠢᠶᠠᠨ | ᠬᠠᠯᠠᠨ ᠰᠠᠶᠢᠵᠢᠷᠠᠭᠤᠯᠬᠤ ᠬᠡᠷᠡᠭᠲᠡᠢ᠃ | ᠳᠣᠯᠣᠳᠤᠭᠠᠷ ᠲᠤ᠂ ᠠᠷᠠᠳ ᠤᠨ ᠲᠥᠯᠥᠭᠡ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠶᠢ | ᠦᠷᠭᠦᠯᠵᠢᠯᠡᠨ ᠭᠦᠨᠵᠡᠭᠡᠢ ᠦᠢᠯᠡᠳᠦᠯᠭᠡᠵᠢᠭᠦᠯᠬᠦ ᠬᠡᠷᠡᠭᠲᠡᠢ᠃ ᠤᠯᠠᠨ ᠲᠦᠮᠡᠨ ᠤ ᠢᠯᠡᠴᠢᠯᠡᠨ ᠵᠠᠭᠠᠯᠳᠤᠬᠤ ᠠᠵᠢᠯ ᠤᠨ | ︽ᠬᠠᠳᠠᠭᠠᠯᠠᠯᠲᠠ ᠶᠢᠨ ᠬᠡᠮᠵᠢᠶ᠎ᠡ ᠶᠢ ᠢᠯᠭᠠᠷᠠᠭᠤᠯᠵᠤ᠂ ᠨᠡᠮᠡᠭᠳᠡᠯ ᠤᠨ ᠬᠡᠮᠵᠢᠶ᠎ᠡ ᠶᠢ ᠳᠠᠭᠠᠤ ᠳᠤᠨᠢ ᠢᠯᠭᠠᠷᠠᠭᠤᠯᠬᠤ︾ | ᠶᠠᠪᠤᠳᠠᠯ ᠢ ᠭᠦᠨᠵᠡᠭᠡᠢ ᠲᠦᠯᠬᠢᠨ ᠠᠬᠢᠭᠤᠯᠬᠤ ᠬᠡᠷᠡᠭᠳᠡᠢ᠃ ᠪᠠᠭ ᠤᠨ ᠪᠦᠷᠢᠯᠳᠦᠭᠦᠨ ᠤ ᠰᠣᠷᠪᠤᠯᠵᠢᠯᠠᠭ᠎ᠠ ᠶᠢ ᠬᠦᠯᠢᠶᠡᠨ | ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠳᠡᠢ᠃ ᠠᠮᠢ ᠠᠬᠤᠢ | ᠣᠷᠴᠢᠨ ᠲᠤᠭᠤᠷᠢᠨ ᠬᠠᠮᠠᠭᠠᠯᠠᠯᠲᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ | ᠳᠤᠯᠠᠭᠠᠯᠠᠭ᠎ᠠ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠲᠦᠪᠡᠭᠲᠡᠢ ᠠᠰᠠᠭᠤᠳᠠᠯ ᠳᠤ | ᠴᠢᠭᠯᠡᠭᠦᠯᠦᠨ ᠰᠡᠳᠦᠪ ᠬᠤᠪᠢᠶᠠᠨ ᠬᠢᠨᠠᠯᠲᠠ ᠲᠠᠯᠪᠢᠬᠤ ᠶᠢ ᠥᠷᠨᠢᠭᠦᠯᠵᠦ᠂ ︽ᠢᠯᠠᠭ᠎ᠠ ᠱᠠᠮᠰᠢᠵᠤ ᠰᠢᠷᠭᠤᠯᠵᠢ | ᠢᠯᠵᠠᠷᠠᠬᠤ︾᠂ ᠢᠳᠡᠬᠦ ᠠᠪᠬᠤ ᠭᠠᠴᠢᠬᠤ ᠬᠢᠬᠠᠬᠤ᠂ ᠲᠦᠷᠦᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ ᠵᠡᠷᠭᠡ | ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠳᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ | ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ︽ᠰᠢᠬᠦᠷ ᠢ | ᠴᠤᠬᠢᠵᠦ ᠲᠣᠣᠷ ᠢ ᠡᠪᠳᠡᠬᠦ︾ ᠶᠢ ᠪᠠᠶᠢᠩᠭᠤᠵᠢᠭᠤᠯᠣᠨ ᠲᠣᠭᠲᠠᠵᠢᠭᠤᠯᠬᠤ ᠶᠢ ᠠᠬᠢᠭᠤᠯᠬᠤ ᠬᠡᠷᠡᠭᠲᠡᠢ᠃ ︽ᠪᠠᠯᠭᠠᠰᠤ | ︵ᠵᠡᠭᠡᠯᠢ ᠭᠤᠳᠤᠮᠵᠢ︶ ᠶᠢ ᠠᠳᠬᠤᠵᠤ ᠲᠣᠰᠬᠤᠨ ︵ᠨᠡᠶᠢᠭᠡᠮ ᠲᠣᠭᠤᠷᠢᠭ︶ ᠢ ᠳᠠᠶᠢᠴᠢᠯᠠᠬᠤ︾ ᠠᠵᠢᠯ ᠤᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠢᠨᠠᠯᠲᠠ ᠲᠠᠯᠪᠢᠯᠲᠠ ᠶᠢᠨ ᠶᠠᠰᠤ | ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠳᠡᠢ᠃ | ᠨᠠᠢᠮᠠᠳᠤᠭᠠᠷ ᠲᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠦᠷᠭᠦᠯᠵᠢᠯᠡᠨ | ᠭᠦᠨᠵᠡᠭᠡᠢ ᠳᠠᠪᠲᠠᠨ ᠪᠣᠯᠪᠠᠰᠤᠷᠠᠭᠤᠯᠬᠤ ᠬᠡᠷᠡᠭᠳᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽ᠦᠵᠡᠯ | ᠰᠠᠨᠠᠭᠠᠨ ᠤ ᠲᠠᠯ᠎ᠠ ᠪᠠᠷ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠰᠤᠷᠲᠠᠯ ᠤᠨ ᠲᠠᠯ᠎ᠠ ᠪᠠᠷ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠠᠷᠢᠭᠤᠨ ᠴᠢᠬᠡᠴᠢ ᠶᠢᠨ ᠲᠠᠯ᠎ᠠ ᠪᠠᠷ ᠵᠣᠷᠢᠭᠲᠠᠢ ᠪᠠᠷ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ︾ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠬᠤ | ᠲᠤᠬᠠᠢ ᠪᠣᠳᠠᠲᠠᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠳᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠷᠠᠳᠴᠢᠯᠠᠯ ᠲᠥᠪᠯᠡᠷᠡᠯ ᠤᠨ ᠶᠣᠰᠣ ᠶᠢ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠵᠦ᠂ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ ᠢ ᠨᠠᠶᠢᠳᠠᠪᠤᠷᠢᠵᠢᠭᠤᠯᠬᠤ | ᠬᠡᠷᠡᠭᠲᠡᠢ᠃ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠢᠴᠢ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠤᠯᠠᠨ ᠳᠤ ᠬᠤᠣᠷ ᠬᠥᠨᠥᠭᠡᠯ ᠤᠴᠠᠷᠠᠭᠤᠯᠤᠭᠰᠠᠳ ᠢ ᠪᠠᠶᠢᠩᠭᠤᠵᠢᠭᠤᠯᠤᠨ | ᠠᠷᠢᠯᠭᠠᠬᠤ ᠬᠡᠷᠡᠭᠳᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠲᠦᠯᠬᠢᠨ ᠠᠬᠢᠭᠤᠯᠬᠤ ᠬᠡᠷᠡᠭᠳᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷᠴᠤᠳ ᠢ ᠨᠠᠷᠢᠨ ᠨᠢᠮᠪᠠᠢ ᠬᠠᠯᠠᠮᠵᠢᠯᠠᠨ ᠬᠠᠶᠢᠷᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ | ᠬᠡᠷᠡᠭᠳᠡᠢ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠴᠤᠴᠠᠯᠲᠠ ᠦᠭᠡᠢ ᠤᠷᠤᠭᠰᠢᠯᠠᠬᠤ | ᠲᠡᠮᠡᠴᠡᠯ ᠤᠨ ᠳᠦᠷᠰᠦ ᠪᠠᠶᠢᠳᠠᠯ ᠪᠣᠯᠣᠨ ᠡᠭᠦᠷᠢᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠲᠠᠯ᠎ᠠ ᠪᠠᠷ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ | ᠬᠠᠭᠤᠳᠠᠰᠤ ᠶᠢ ᠪᠢᠴᠢᠭᠯᠡᠵᠦ᠂ ᠰᠢᠨ᠎ᠡ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠰᠦᠭᠡᠢ︕ ᠭᠡᠵᠡᠢ᠃ |