【ᠣᠷᠤᠨ ᠤ ᠬᠤᠶᠠᠷ ᠬᠤᠷᠠᠯ】ᠶᠠᠩ ᠽᠥᠩ ᠿᠧᠨ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠿᠧᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠤᠨ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠣᠷᠣᠯᠴᠠᠪᠠ᠃      ᠶᠠᠩ ᠽᠥᠩ ᠿᠧᠨ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠠᠵᠢᠯ ᠤᠨ ᠱᠠᠭᠠᠷᠳᠠᠯᠭ᠎ᠠ ᠨᠡᠶᠢᠳᠡᠮ ᠲᠤᠤᠱᠯᠠᠭᠳᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠵᠠᠮ ᠨᠡᠭᠡᠭᠡᠨ ᠰᠢᠨ᠎ᠡ ᠶᠢ ᠡᠭᠦᠳᠦᠭᠰᠡᠨ᠂ ᠬᠦᠴᠦᠨ ᠴᠢᠳᠠᠯ ᠢᠶᠠᠨ ᠨᠢᠭᠲᠠᠷᠠᠭᠤᠯᠤᠭᠰᠠᠨ ᠰᠠᠶᠢᠨ ᠢᠯᠡᠳᠭᠡᠯ ᠪᠣᠯᠣᠨ᠎ᠠ ᠭᠡᠵᠡᠢ᠃      ᠶᠠᠩ ᠽᠥᠩ ᠿᠧᠨ ᠢᠯᠡᠷᠭᠡᠶᠢᠯᠡᠭᠰᠡᠨ ᠨᠢ᠂ ᠪᠦᠬᠦ ᠣᠷᠣᠨ ᠤ ᠰᠢᠭᠦᠬᠦ ᠬᠤᠷᠢᠶ᠎ᠠ ᠨᠠᠮ ᠤᠨ ᠰᠢᠭᠦᠬᠦ ᠬᠤᠷᠢᠶᠠᠨ ᠤ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠵᠡᠷᠭᠡ ᠭᠤᠣᠯ ᠡᠭᠦᠷᠭᠡ ᠶᠢ ᠬᠡᠷᠡᠭᠵᠢᠭᠦᠯᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠠᠩᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠶᠢᠨ ᠰᠢᠭᠦᠬᠦ ᠬᠤᠷᠢᠶᠠᠨ ᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ︽ᠤᠯᠤᠰ ᠲᠦᠷᠦ ᠶᠢᠨ ᠲᠠᠯ᠎ᠠ ᠠᠴᠠ ᠦᠵᠡᠬᠦ ᠳᠡᠭᠡᠨ ᠴᠢᠳᠠᠮᠠᠭᠠᠢ᠂ ᠬᠠᠤᠯᠢᠵᠢᠯ ᠤᠨ ᠲᠠᠯ᠎ᠠ ᠠᠴᠠ ᠰᠢᠢᠳᠪᠦᠷᠢᠯᠡᠬᠦ ᠳᠡᠭᠡᠨ ᠴᠢᠳᠠᠮᠠᠭᠠᠢ︾ ᠪᠠᠶᠢᠬᠤ ᠶᠢ ᠦᠨᠡᠨᠬᠦ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map