【ᠣᠷᠤᠨ ᠤ ᠬᠤᠶᠠᠷ ᠬᠤᠷᠠᠯ】ᠦᠬᠠᠢ ᠬᠤᠲᠠ ᠶᠢᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ    ᠵᠧᠩ ᠬᠤᠩ ᠹᠠᠨ  ᠳ᠋ᠤᠸᠠᠨ ᡁᠢ ᠴᠢᠶᠠᠩ  ᠶᠠᠩ ᠶᠢᠨ  ᠶᠠᠩ ᠽᠥᠩ ᠿᠧᠨ  ᠲᠠᠩ ᠢ  ᠼᠦᠢ ᠵᠢᠩ ᠶᠢᠩ ᠹᠧᠩ ᠰᠢᠤᠸᠠᠢ ᠲᠤᠤ ᠣᠷᠣᠯᠴᠠᠪᠡ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠤ ᠣᠷᠣᠯᠴᠠᠭᠰᠠᠨ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠿᠧᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠸ ᠬᠢᠨᠠᠨ ᠵᠥᠪᠯᠡᠬᠦ ᠳᠤ ᠣᠷᠣᠯᠴᠠᠪᠠ᠃      ᠬᠢᠨᠠᠨ ᠵᠥᠪᠯᠡᠬᠦ ᠶᠠᠪᠤᠴᠠ ᠳᠤ ᠲᠥᠯᠥᠭᠡᠯᠡᠭᠴᠢᠳ ᠰᠠᠨᠠᠯ ᠨᠢᠭᠡᠲᠡᠢ ᠦᠵᠡᠭᠰᠡᠨ ᠨᠢ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠤᠤᠱᠯᠠᠭᠳᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠵᠢᠯᠲᠠ ᠪᠦᠲᠦᠮᠵᠢ ᠪᠠᠨ ᠪᠤᠰᠤᠳᠴᠢ ᠪᠥᠭᠡᠳ ᠪᠦᠬᠦ ᠲᠠᠯ᠎ᠠ ᠪᠠᠷ ᠳ᠋ᠦᠩᠨᠡᠵᠦ᠂ ᠠᠰᠠᠭᠤᠳᠠᠯ ᠢᠶᠠᠨ ᠲᠤᠤᠱᠲᠠᠢ ᠵᠠᠳᠠᠯᠵᠤ᠂ ᠡᠨᠡ ᠵᠢᠯ ᠤᠨ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠠᠷᠭ᠎ᠠ ᠬᠡᠮᠵᠢᠶ᠎ᠡ ᠪᠠᠨ ᠬᠦᠴᠦᠲᠡᠢ ᠪᠠᠶᠢᠷᠢᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠪᠣᠳᠠᠲᠠᠢ ᠶᠢ ᠡᠷᠬᠢᠮᠯᠡᠭᠰᠡᠨ ᠤᠷᠤᠭᠰᠢᠯᠠᠨ ᠲᠠᠪᠰᠢᠬᠤ ᠵᠣᠷᠢᠭ ᠰᠠᠨᠠᠭ᠎ᠠ᠂ ᠠᠷᠠᠳ ᠤᠨ ᠲᠥᠯᠥᠭᠡ ᠵᠢᠳᠬᠦᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠵᠦ᠂ ᠲᠤᠭ ᠢᠶᠠᠨ ᠥᠨᠳᠥᠷ ᠮᠠᠨᠳᠤᠭᠤᠯᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠵᠦ᠂ ᠪᠦᠯᠬᠦᠮᠳᠡᠨ ᠲᠡᠮᠡᠴᠡᠭᠰᠡᠨ ᠰᠠᠶᠢᠨ ᠢᠯᠡᠳᠭᠡᠯ ᠪᠤᠯᠵᠠᠢ ᠭᠡᠵᠡᠢ᠃      ᠲᠦᠯᠦᠭᠡᠯᠡᠭᠴᠢᠳ ᠢᠯᠡᠷᠭᠡᠶᠢᠯᠡᠵᠡᠭᠡᠭᠰᠡᠨ ᠨᠢ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠣᠳᠠᠲᠠᠢ ᠬᠠᠷᠢᠭᠤᠴᠠᠯᠭ᠎ᠠ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠵᠤ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ︾ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠬᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map