ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 30 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ | ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ 29 ᠤ ᠡᠳᠦᠷ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠲᠣᠬᠯᠠᠯᠲᠠ ᠶᠢ ᠰᠣᠨᠢᠷᠬᠠᠵᠤ᠂ ᠠᠳᠡ ᠰᠠᠭᠤᠭ᠎ᠠ ᠴᠡᠷᠢᠭ ᠠᠩᠭᠢ ᠶᠢᠨ ᠠᠬᠠᠮᠠᠳ ᠨᠥᠬᠦᠳ ᠪᠣᠯᠣᠨ ᠪᠦᠭᠦ | ᠴᠡᠷᠢᠭ ᠤᠨ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ | ᠡᠳᠦᠷ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | | | | | ᠢᠯᠠᠭᠤᠭᠰᠠᠨ ᠳᠠᠭᠤᠤ ᠬᠠᠩᠭᠢᠨᠠᠵᠤ ᠴᠠᠭᠠᠨ ᠰᠠᠷ᠎ᠠ ᠪᠠᠨ ᠤᠭᠲᠤᠨ᠎ᠠ᠂ ᠴᠡᠷᠢᠭ ᠢᠶᠠᠨ ᠬᠦᠴᠦᠷᠬᠡᠭᠵᠢᠭᠦᠯᠦᠨ ᠰᠢᠨ᠎ᠡ | ᠠᠶᠠᠨ ᠳᠤ ᠡᠷᠡᠯᠬᠡᠭᠯᠡᠨ ᠤᠷᠤᠭᠰᠢᠯᠠᠨ᠎ᠠ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠤᠯᠬᠤ | ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠲᠠᠰᠢᠷᠠᠮ ᠳᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ | ᠬᠠᠮᠠᠭᠠᠯᠠᠬᠤ᠂ ᠪᠦᠲᠦᠭᠡᠨ ᠪᠠᠶᠢᠭᠤᠯᠬᠤ ᠶᠢᠨ ᠲᠥᠯᠥᠭᠡ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠦᠲᠦᠭᠡᠨ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ | ᠠᠬᠠᠮᠠᠳ ᠺᠠᠳ᠋ᠷᠴᠤᠳ ᠳᠤᠮᠳᠠᠳᠤ ᠤᠯᠤᠰ ᠤᠨ ᠲᠢᠶᠠᠳ᠋ᠷ ᠲᠤ ᠴᠤᠭᠯᠠᠷᠠᠵᠤ᠂ ᠴᠠᠭᠠᠨ ᠰᠠᠷ᠎ᠠ ᠪᠠᠨ ᠪᠠᠶᠠᠷᠯᠠᠨ ᠤᠭᠲᠤᠵᠠᠭᠠᠪᠠ᠃ | ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ | ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃ ᠰᠢ ᠶᠢᠨ ᠫᠢᠩ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ | ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ | ᠳᠣᠣᠷ᠎ᠠ ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ᠂ ᠤᠯᠤᠰ᠂ ᠴᠡᠷᠢᠭ ᠠᠩᠭᠢ ᠶᠢᠨ ᠦᠢᠯᠡᠰ ᠤᠨ ᠣᠯᠣᠭᠰᠠᠨ ᠴᠢᠬᠤᠯᠠ | ᠶᠡᠭᠡ ᠠᠮᠵᠢᠯᠲᠠ ᠪᠦᠳᠦᠮᠵᠢ ᠶᠢ ᠬᠠᠮᠲᠤ ᠪᠠᠷ ᠡᠷᠭᠢᠴᠡᠭᠦᠯᠪᠡ᠃ ᠠᠬᠠᠮᠠᠳ ᠨᠥᠬᠦᠳ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠥ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠴᠤᠬ ᠰᠦᠯᠳᠡ ᠪᠠᠨ ᠪᠠᠳᠠᠷᠠᠭᠤᠯᠵᠤ᠂ ᠪᠦᠯᠬᠦᠮᠳᠡᠨ ᠤᠷᠤᠭᠰᠢᠯᠠᠵᠤ᠂ ᠴᠡᠷᠢᠭ ᠪᠠᠶᠢᠭᠤᠯᠤᠭᠳᠠᠭᠰᠠᠨ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ | ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠲᠥᠯᠥᠭᠡ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | ᠲᠣᠬᠯᠠᠯᠲᠠ ᠨᠢ ︽ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ | ᠠᠵᠢᠯ ᠦᠢᠯᠡᠰ ᠲᠤ ᠭᠠᠪᠢᠶ᠎ᠠ ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠢᠶᠠᠨ ᠪᠤᠯᠭᠠᠵᠤ᠂ ᠤᠳᠬ᠎ᠠ ᠤᠷᠠᠯᠢᠭ ᠤᠨ ᠬᠥᠩᠭᠡᠨ | ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠤᠤᠭᠠᠯ ᠠᠮᠢ ᠠᠬᠤᠢ ᠶᠢᠨ ᠭᠡᠯᠪᠡᠷᠢ ᠪᠠᠷ ᠢᠯᠡᠷᠡᠭᠦᠯᠵᠦ᠂ ᠰᠢᠨ᠎ᠡ | ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠠᠭᠤᠤ ᠶᠡᠭᠡ ᠠᠮᠵᠢᠯᠲᠠ ᠪᠦᠲᠦᠮᠵᠢ ᠶᠢ ᠠᠮᠢᠳᠤᠯᠢᠭ ᠢᠶᠠᠷ | ᠲᠤᠰᠬᠠᠵᠤ᠂ ᠪᠦᠭᠦ ᠴᠡᠷᠢᠭ ᠤᠨ ᠳᠠᠷᠤᠭ᠎ᠠ ᠪᠠᠶᠢᠯᠳᠤᠭᠴᠢᠳ ᠤᠨ ᠭᠤᠣᠯᠯᠠᠭᠴᠢ ᠪᠠᠨ ᠦᠨᠡᠨᠴᠢ ᠰᠢᠳᠤᠷᠭᠤ ᠪᠠᠷ ᠬᠠᠮᠠᠭᠠᠯᠠᠵᠤ᠂ | ᠴᠡᠷᠢᠭ ᠢᠶᠠᠨ ᠬᠦᠴᠦᠷᠬᠡᠭᠵᠢᠭᠦᠯᠬᠦ ᠪᠠᠷ ᠡᠷᠡᠯᠬᠡᠭᠯᠡᠨ ᠤᠷᠤᠭᠰᠢᠯᠠᠬᠤ ᠲᠡᠷᠢᠭᠦᠨ ᠵᠡᠷᠭᠡ ᠶᠢᠨ ᠣᠶᠤᠨ ᠰᠠᠨᠠᠭᠠᠨ ᠤ ᠳᠦᠷᠰᠦ | ᠪᠠᠶᠢᠳᠠᠯ ᠢ ᠭᠦᠢᠴᠡᠳ ᠢᠯᠡᠷᠡᠭᠦᠯᠪᠡ᠃ ︽ᠰᠢᠨ᠎ᠡ ᠴᠠᠭ ᠦᠶ᠎ᠡ᠂ ᠰᠢᠨ᠎ᠡ ᠠᠶᠠᠨ᠂ ᠰᠢᠨ᠎ᠡ ᠨᠢᠭᠡ ᠵᠢᠯ ᠤᠨ ᠰᠢᠨ᠎ᠡ ᠬᠠᠷᠠᠯᠲᠠ︾᠂ | ᠳᠠᠭᠤᠤ ᠪᠥᠵᠢᠭ ︽ᠳᠠᠶᠢᠴᠢᠨ ᠳᠠᠭᠤᠤ ᠪᠠᠨ ᠬᠠᠩᠭᠢᠨᠠᠭᠤᠯᠵᠤ ᠴᠠᠭᠠᠨ ᠰᠠᠷ᠎ᠠ ᠪᠠᠨ ᠤᠭᠲᠤᠶ᠎ᠠ︾ ᠪᠠᠷ ᠲᠣᠬᠯᠠᠯᠲᠠ ᠶᠢᠨ | ᠬᠥᠰᠢᠭᠡ ᠶᠢ ᠢᠷᠠᠵᠥ᠂ ᠭᠦᠷ ᠨᠠᠷᠭᠢᠶᠠᠨ ᠢᠶᠠᠷ ᠪᠢᠯᠬᠠᠭᠰᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ | ᠠᠬᠤᠢ ᠦᠵᠡᠭᠳᠡᠯᠲᠦ ᠲᠣᠬᠯᠠᠯᠲᠠ ︽ᠭᠡᠷᠡᠯ ᠭᠡᠭᠡ︾ ᠨᠢ ᠦᠵᠡᠯ ᠰᠠᠨᠠᠭ᠎ᠠ ᠪᠠᠷ ᠢᠷᠡᠭᠡᠳᠦᠢ ᠶᠢ ᠭᠡᠶᠢᠭᠦᠯᠬᠦ᠂ ᠡᠷᠡᠯᠬᠡᠭᠯᠡᠨ | ᠲᠡᠮᠡᠴᠡᠬᠦ ᠪᠠᠷ ᠢᠷᠡᠭᠡᠳᠦᠢ ᠪᠠᠨ ᠨᠡᠭᠡᠭᠡᠬᠦ ᠰᠦᠷ ᠳᠠᠯᠠᠶᠢᠴᠠᠲᠠᠢ ᠦᠢᠯᠡᠳᠦᠯᠭᠡ ᠶᠢ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠮᠠᠭᠲᠠᠨ ᠳᠠᠭᠤᠯᠠᠵᠤ᠂ ᠨᠠᠮ ᠤᠨ ᠲᠤᠭ ᠤᠨ ᠳᠣᠣᠷ᠎ᠠ ᠴᠡᠷᠢᠭ ᠤᠨ ᠰᠦᠭ ᠰᠦᠨᠡᠰᠦ ᠶᠢ ᠪᠠᠲᠤ ᠴᠣᠭᠴᠠᠯᠠᠬᠤ ᠡᠷᠡᠰ ᠵᠣᠷᠢᠭ ᠢ | ᠢᠯᠡ ᠲᠣᠳᠣᠷᠬᠠᠢ ᠢᠯᠡᠳᠬᠡᠪᠡ᠃ ︽ᠪᠣᠯᠣᠳ ᠪᠣᠯᠵᠤ ᠬᠠᠲᠠᠭᠤᠵᠢᠭᠰᠠᠨ︾ ᠭᠡᠬᠦ ᠨᠠᠶᠢᠷᠠᠯ ᠳᠠᠭᠤᠤ ᠨᠢ ᠴᠡᠷᠢᠭ ᠠᠩᠭᠢ ᠶᠢᠨ | ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠭᠡᠳ ᠣᠯᠣᠭᠰᠠᠨ ᠰᠢᠨ᠎ᠡ ᠰᠤᠷᠲᠠᠯ ᠲᠥᠪ ᠴᠢᠬᠡᠴᠢ ᠶᠢ | ᠢᠯᠡᠷᠡᠭᠦᠯᠵᠦ᠂ ᠠᠷᠢᠭᠤᠨ ᠴᠡᠪᠡᠷ ᠢᠷᠠᠭᠤ ᠠᠯᠳᠠᠷ ᠢ ᠪᠠᠬᠢᠵᠢᠭᠦᠯᠬᠦ᠂ ᠴᠡᠷᠢᠭ ᠢ ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠬᠦ | ᠡᠷᠡᠰ ᠬᠠᠳᠠᠨ ᠢᠲᠡᠭᠡᠯ ᠵᠣᠷᠢᠭ ᠢ ᠢᠯᠡᠷᠡᠭᠦᠯᠪᠡ᠃ ᠲᠣᠭᠯᠠᠯᠳᠤ ᠳᠠᠭᠤᠯᠠᠯ ︽ᠤᠷᠤᠭᠰᠢᠯᠠᠯᠲᠠ ᠶᠢᠨ ᠴᠠᠭ ᠮᠥᠴᠡ︾ ᠪᠣᠯᠣᠨ | ᠪᠥᠵᠢᠭ ︽ᠰᠢᠢᠳᠪᠦᠷᠢᠲᠦ ᠢᠯᠠᠯᠲᠠ︾ ᠵᠡᠷᠭᠡ ᠲᠣᠬᠯᠠᠯᠲᠠ ᠨᠢ ᠴᠡᠷᠢᠭ ᠠᠩᠭᠢ ᠶᠢᠨ ᠥᠪᠴᠢ ᠬᠤᠶᠠᠭᠯᠠᠨ ᠦᠦᠷ ᠴᠠᠶᠢᠯᠭᠠᠬᠤ | ᠰᠡᠷᠭᠡᠶᠢᠯᠡᠯᠲᠡ ᠶᠢᠨ ᠪᠠᠶᠢᠳᠠᠯ ᠪᠣᠯᠣᠨ ᠵᠠᠷᠯᠢᠭ ᠢ ᠰᠣᠨᠣᠰᠤᠮᠠᠭᠴᠠ ᠬᠥᠳᠡᠯᠦᠯᠴᠡᠬᠦ ᠳᠠᠭᠠᠷᠢᠯᠲᠠ ᠶᠢᠨ ᠪᠠᠶᠢᠳᠠᠯ ᠢ ᠲᠤᠰᠬᠠᠪᠠ᠃ | ᠨᠠᠶᠢᠷᠠᠯ ᠳᠠᠭᠤᠤ ᠪᠠ ᠲᠣᠭᠯᠠᠯᠳᠤ ᠳᠠᠭᠤᠯᠠᠯ ︽ᠪᠠᠶᠢᠯᠳᠤᠭᠴᠢᠳ ᠤᠨ ᠬᠦᠰᠡᠯ ᠤᠨ ᠣᠷᠣᠨ ᠭᠡᠷ ᠪᠠ ᠡᠬᠡ ᠤᠯᠤᠰ︾᠂ | ︽ᠠᠭᠤᠯᠠ ᠤᠰᠤᠨ ᠤ ᠪᠢᠴᠢᠭᠡᠰᠦ︾᠂ ︽ᠠᠷᠠᠳ ᠲᠦᠮᠡᠨ ᠳᠤ ᠨᠡᠷ᠎ᠡ ᠪᠠᠨ ᠮᠡᠳᠡᠭᠦᠯᠦᠶ᠎ᠡ︾ ᠵᠡᠷᠭᠡ ᠨᠢ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠪᠢᠯᠬᠠᠵᠤ᠂ ᠠᠷᠠᠳ ᠤᠨ ᠬᠡᠦᠬᠡᠳ ᠳᠡᠭᠦᠦ ᠨᠠᠷ ᠴᠡᠷᠢᠭ ᠤᠨ ᠬᠢᠯᠢ ᠶᠢᠨ ᠬᠠᠮᠠᠭᠠᠯᠠᠯᠲᠠ ᠶᠢᠨ ᠲᠥᠯᠥᠭᠡ | ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ᠂ ᠭᠠᠳᠠᠭᠠᠳᠤ ᠠᠴᠠ ᠬᠠᠷᠢᠶᠠᠲᠤ ᠨᠠᠷ ᠢᠶᠠᠨ ᠠᠪᠴᠤ ᠢᠷᠡᠬᠦ ᠵᠡᠷᠭᠡ ᠴᠢᠬᠤᠯᠠ ᠶᠡᠭᠡ | ᠬᠠᠷᠢᠭᠤᠴᠠᠯᠭ᠎ᠠ ᠡᠭᠦᠷᠭᠡᠯᠡᠯ ᠪᠠ ᠶᠡᠭᠡ ᠬᠠᠶᠢᠷ᠎ᠠ ᠶᠢ ᠳᠠᠬᠢᠨᠲᠠ ᠢᠯᠡᠷᠡᠭᠦᠯᠵᠦ᠂ ᠪᠠᠭᠠᠲᠤᠷᠴᠤᠳ ᠢᠶᠠᠨ ᠮᠠᠭᠲᠠᠨ ᠳᠠᠭᠤᠯᠠᠵᠤ᠂ | ᠪᠠᠭᠠᠲᠤᠷᠴᠤᠳ ᠢᠶᠠᠨ ᠬᠦᠨᠳᠦᠳᠬᠡᠨ ᠮᠠᠭᠲᠠᠪᠠ᠃ ᠴᠣ ᠰᠢᠨ᠎ᠡ ᠪᠠᠷ ᠨᠠᠶᠢᠷᠠᠭᠤᠯᠤᠨ ᠵᠣᠬᠢᠶᠠᠭᠰᠠᠨ ᠰᠣᠩᠭᠤᠳᠠᠭ ᠳᠠᠭᠤᠤ ︽ᠶᠠᠨ | ᠠᠨ ᠤ ᠮᠠᠭᠲᠠᠭᠠᠯ︾᠂ ︽ᠲᠡᠷᠢᠭᠦᠯᠡᠭᠴᠢ ᠴᠡᠴᠡᠭ ᠤᠨ ᠮᠠᠭᠲᠠᠭᠠᠯ︾᠂ ︽ᠪᠢ ᠪᠣᠯ ᠨᠢᠭᠡᠨ ᠴᠡᠷᠢᠭ︾ ᠵᠡᠷᠭᠡ ᠨᠢ ᠬᠤᠪᠢᠰᠬᠠᠯ ᠤᠨ | ᠴᠡᠷᠢᠭ ᠤᠨ ᠬᠤᠪᠢᠰᠬᠠᠯᠲᠤ ᠳᠤᠷᠠᠰᠤᠮᠵᠢ ᠶᠢ ᠡᠷᠭᠢᠴᠡᠭᠦᠯᠵᠦ᠂ ᠣᠬᠤᠷ ᠵᠦᠴᠦᠭᠡ ︽ᠪᠠᠶᠠᠷ ᠤᠨ ᠴᠢᠮᠡᠭᠡ︾ ᠨᠢ ᠴᠡᠷᠢᠭ ᠠᠩᠭᠢ | ᠪᠠ ᠣᠷᠣᠨ ᠨᠤᠲᠤᠭ ᠤᠨ ᠬᠢᠨ ᠤ ᠭᠠᠪᠢᠶᠠᠲᠠᠨ ᠵᠢᠱᠢᠶᠡᠴᠢ ᠶᠢ ᠬᠦᠨᠳᠦᠳᠬᠡᠭᠰᠡᠨ ᠰᠡᠳᠬᠢᠯ ᠲᠤᠬᠳᠤᠯᠤᠭᠤᠯᠤᠬᠰᠠᠨ ᠦᠯᠢᠭᠡᠷ ᠢ | ᠬᠦᠦᠷᠨᠢᠵᠦ᠂ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠵᠠᠯᠭᠠᠮᠵᠢᠯᠠᠵᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢ | ᠬᠦᠴᠦᠷᠬᠡᠭᠵᠢᠭᠦᠯᠬᠦ ᠬᠦᠴᠦᠨ ᠴᠢᠳᠠᠯ ᠢ ᠨᠢᠭᠲᠠᠷᠠᠭᠤᠯᠤᠭᠰᠠᠨ ᠠᠮᠢᠳᠤᠯᠢᠭ ᠵᠢᠷᠤᠭ ᠢ ᠳᠡᠯᠭᠡᠨ ᠦᠵᠡᠭᠦᠯᠵᠡᠢ᠃ ︽ᠠᠷᠢᠭᠤᠨ | ᠬᠠᠶᠢᠷ᠎ᠠ ᠪᠠᠨ ᠡᠬᠡ ᠤᠯᠤᠰ ᠲᠠᠭᠠᠨ ᠵᠣᠷᠢᠭᠤᠯᠵᠤ᠂ ᠪᠠᠶᠢᠯᠳᠤᠭᠠᠨ ᠤ ᠲᠠᠯᠠᠪᠤᠷ ᠲᠤ ᠬᠦᠰᠡᠯ ᠵᠡᠭᠦᠳᠦ ᠪᠠᠨ ᠲᠡᠷᠭᠡᠯᠰᠢᠭᠦᠯᠦᠨ | ᠴᠡᠷᠢᠭ ᠢ ᠬᠦᠴᠦᠷᠬᠡᠭᠵᠢᠭᠦᠯᠬᠦ ᠲᠠᠶᠢᠴᠢᠨ ᠳᠠᠭᠤᠤ ᠪᠠᠨ ᠬᠠᠩᠭᠢᠨᠠᠭᠤᠯᠤᠶ᠎ᠠ︾᠂ ᠲᠣᠬᠯᠠᠯᠲᠠ ᠨᠢ ︽ᠴᠡᠷᠢᠭ ᠢ | ᠬᠦᠴᠦᠷᠬᠡᠭᠵᠢᠭᠦᠯᠬᠦ ᠳᠤ ᠪᠢ ᠪᠤᠢ︾ ᠭᠡᠬᠦ ᠨᠠᠶᠢᠷᠠᠯ ᠳᠠᠭᠤᠤ ᠪᠠᠷ ᠥᠨᠳᠥᠷᠯᠡᠵᠦ᠂ ᠬᠠᠷᠠᠯᠲᠠ ᠪᠠᠨ ᠣᠨᠢᠯᠠᠨ ᠬᠦᠴᠦᠯᠡᠨ | ᠪᠣᠭᠤᠮᠲᠠ ᠰᠢᠪᠲᠤᠯᠬᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ | ᠣᠮᠤᠭ ᠵᠣᠷᠢᠭ ᠢ ᠭᠠᠶᠢᠬᠠᠭᠤᠯᠪᠠ᠃ ᠲᠣᠬᠯᠠᠯᠲᠠ ᠨᠢ ᠳᠥᠭᠦᠮ ᠠᠪᠰᠠᠬᠠᠨ ᠪᠥᠭᠡᠳ ᠪᠣᠷᠣᠭᠵᠢᠭᠤᠨ ᠤ ᠭᠤᠸ᠎ᠠ ᠰᠠᠶᠢᠬᠠᠨ ᠪᠠ | ᠴᠤᠭ ᠪᠠᠳᠠᠷᠠᠩᠭᠤᠢ ᠣᠮᠤᠭ ᠰᠦᠷ ᠢ ᠢᠯᠡᠷᠡᠭᠦᠯᠵᠦ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠴᠣ ᠰᠢᠨ᠎ᠡ ᠳᠦᠷᠰᠦ | ᠪᠠᠶᠢᠳᠠᠯ ᠢ ᠢᠯᠡᠷᠡᠭᠦᠯᠪᠡ᠃ | ᠵᠠᠩ ᠶᠢᠤ ᠰᠢᠶᠠ᠂ ᠾᠧ ᠸᠧᠢ ᠳ᠋ᠦᠩ᠂ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠠᠮᠲᠤ ᠪᠠᠷ | ᠲᠤᠬᠯᠠᠯᠳᠠ ᠶᠢ ᠰᠣᠨᠢᠷᠬᠠᠵᠠᠢ᠃ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ | ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠤᠨ ᠲᠥᠯᠥᠭᠡᠯᠡᠭᠴᠢ ᠪᠠᠰᠠ ᠲᠣᠬᠯᠠᠯᠲᠠ ᠶᠢ ᠰᠣᠨᠢᠷᠬᠠᠵᠠᠢ᠃ | |