【ᠣᠷᠤᠨ ᠤ ᠬᠤᠶᠠᠷ ᠬᠤᠷᠠᠯ】ᠦᠬᠠᠢ ᠬᠤᠲᠠ ᠶᠢᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠤ ᠣᠷᠣᠯᠴᠠᠭᠰᠠᠨ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃      ᠹᠧᠩ ᠰᠢᠤᠸᠠᠢ ᠲᠤᠤ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠲᠤ ᠡᠵᠡᠮᠳᠡᠵᠦ᠂ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠢᠶᠠᠨ ᠵᠠᠳᠠᠯᠤᠭᠰᠠᠨ ᠨᠢ ᠪᠤᠰᠤᠳᠴᠢ ᠪᠥᠭᠡᠳ ᠬᠤᠪᠢᠰᠤᠩᠭᠤᠢ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠵᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ︾ ᠳᠤ ᠠᠩᠬᠠᠷᠣᠯ ᠢᠶᠠᠨ ᠲᠦᠪᠯᠡᠷᠡᠭᠦᠯᠵᠦ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠨ ᠠᠬᠢᠭᠤᠯᠤᠭᠰᠠᠨ ᠰᠠᠶᠢᠨ ᠢᠯᠡᠳᠭᠡᠯ ᠪᠣᠯᠣᠨ᠎ᠠ ᠭᠡᠵᠡᠢ᠃      ᠹᠧᠩ ᠰᠢᠤᠸᠠᠢ ᠲᠤᠸ ᠬᠡᠯᠡᠭᠰᠡᠨ ᠨᠢ᠂ ᠦᠬᠠᠢ ᠬᠤᠲᠠ ᠶᠢᠨ ᠬᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠦᠬᠠᠢ ᠵᠢᠴᠢ ᠡᠷᠬᠢᠨ ᠲᠣᠭᠤᠷᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠨᠡᠶᠢᠳᠭᠡᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠰᠢᠯᠤᠭᠤᠳᠬᠠᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠭᠡᠬᠦ ᠡᠨᠡᠬᠦ ᠵᠠᠩᠭᠢᠯᠠᠭ᠎ᠠ ᠶᠢᠨ ᠡᠯᠧᠮᠧᠨ᠋ᠲ ᠢ ᠠᠳᠬᠤᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠣᠨᠣᠪᠴᠢᠲᠠᠢ ᠪᠥᠭᠡᠳ ᠪᠦᠲᠦᠮᠵᠢᠲᠡᠢ ᠨᠠᠶᠢᠳᠠᠪᠤᠷᠢᠵᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠣᠨᠴᠠᠯᠢᠭᠲᠤ ᠠᠵᠤ ᠦᠢᠯᠡᠰ ᠤᠨ ᠬᠥᠭᠵᠢᠯᠲᠡ ᠭᠡᠬᠦ ᠡᠨᠡᠬᠦ ᠴᠢᠬᠤᠯᠠ ᠬᠥᠳᠡᠯᠭᠡᠭᠦᠷ ᠲᠤ ᠰᠠᠭᠤᠷᠢᠯᠠᠵᠤ᠂ ᠨᠢᠭᠡ ᠲᠠᠯ᠎ᠠ ᠪᠠᠷ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠶᠢ ᠠᠳᠬᠤᠵᠤ᠂ ᠨᠦᠬᠦᠭᠡ ᠲᠠᠯ᠎ᠠ ᠪᠠᠷ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠠᠳᠬᠤᠵᠤ᠂ ᠠᠵᠤ ᠦᠢᠯᠡᠰ ᠤᠨ ᠬᠡᠯᠬᠢᠶ᠎ᠡ ᠪᠦᠯᠦᠭᠵᠢᠯ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠭᠡᠬᠦ ᠡᠨᠡᠬᠦ ᠬᠠᠮᠤᠭ ᠤᠨ ᠶᠡᠭᠡ ᠤᠯᠤᠰ ᠲᠦᠷᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠬᠤᠳᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠨᠢ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢ  ᠨᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map