【ᠣᠷᠤᠨ ᠤ ᠬᠤᠶᠠᠷ ᠬᠤᠷᠠᠯ】ᠼᠦᠢ ᠵᠢᠩ ᠶᠢᠩ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠣᠷᠣᠯᠴᠠᠪᠠ᠃      ᠼᠦᠢ ᠵᠢᠩ ᠶᠢᠩ ᠬᠡᠯᠡᠭᠰᠡᠨ ᠨᠢ᠂ ᠲᠡᠷᠢᠭᠦᠯᠡᠭᠴᠢ ᠸᠠᠩ ᠯᠢ ᠰᠢᠶᠠ ᠶᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠦᠨ᠎ᠡ ᠠᠴᠠ ᠬᠢᠭᠰᠡᠨ ᠠᠵᠢᠯ ᠤᠨ ᠢᠯᠡᠳᠬᠡᠯ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠲᠥᠪ ᠤᠨ ᠪᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠠᠰᠠᠭᠤᠳᠠᠯ ᠢᠶᠠᠨ ᠵᠢᠭᠠᠵᠤ ᠭᠠᠷᠭᠠᠭᠰᠠᠨ ᠨᠢ ᠪᠤᠰᠤᠳᠴᠢ ᠪᠥᠭᠡᠳ ᠭᠦᠨᠵᠡᠭᠡᠢ᠂ ᠠᠵᠢᠯ ᠢᠶᠠᠨ ᠪᠠᠶᠢᠷᠢᠯᠠᠭᠤᠯᠤᠭᠰᠠᠨ ᠨᠢ ᠲᠣᠳᠣᠷᠬᠠᠢ᠂ ᠱᠠᠭᠠᠷᠳᠠᠯᠭ᠎ᠠ ᠪᠠᠷᠢᠮᠵᠢᠶ᠎ᠠ  ᠯᠤᠭ᠎ᠠ ᠬᠠᠷᠢᠴᠠᠭᠤᠯᠤᠭᠰᠠᠠᠨ᠂ ᠦᠨᠡᠨ ᠠᠴᠠ ᠵᠥᠪ ᠢ ᠡᠷᠢᠭᠰᠡᠨ᠂ ᠲᠥᠪ ᠭᠤᠣᠯᠴᠢ ᠪᠠᠷ ᠰᠢᠨ᠎ᠡ ᠶᠢ ᠡᠭᠦᠳᠦᠭᠰᠡᠨ ᠰᠠᠶᠢᠨ ᠢᠯᠡᠳᠭᠡᠯ ᠪᠤᠯᠵᠤ᠂ ᠬᠥᠮᠥᠰ ᠢ ᠲᠤᠶᠢᠯ ᠢᠶᠠᠷ ᠤᠷᠮᠠᠰᠢᠭᠤᠯᠤᠨ ᠵᠣᠷᠢᠭᠵᠢᠭᠤᠯᠤᠭᠰᠠᠨ ᠪᠠᠶᠢᠨ᠎ᠠ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠦᠬᠠᠢ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ᠂ ᠢᠯᠠᠩᠭᠤᠶ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ 10 ᠲᠠᠯ᠎ᠠ ᠶᠢᠨ ᠠᠵᠢᠯ ᠪᠠ ᠬᠤᠲᠠ ᠶᠢᠨ ᠨᠠᠮ ᠤᠨ ᠬᠤᠷᠢᠶᠠᠨ ᠤ 12 ᠵᠦᠢᠯ ᠤᠨ ᠭᠤᠣᠯᠳᠠᠯᠭ᠎ᠠ ᠲᠠᠢ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠬᠤ ᠲᠠᠯ᠎ᠠ ᠪᠠᠷ ᠬᠦᠴᠦᠯᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠦᠬᠠᠢ ᠳᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠵᠦ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map