【ᠣᠷᠤᠨ ᠤ ᠬᠤᠶᠠᠷ ᠬᠤᠷᠠᠯ】ᠲᠠᠩ ᠢ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠤᠨ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠣᠷᠣᠯᠴᠠᠪᠠ᠃      ᠲᠠᠩ ᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠮᠵᠢ ᠶᠢᠨ ᠬᠢᠯᠠᠰ ᠴᠢᠭ ᠤᠯᠠᠠ ᠢᠯᠡᠷᠡᠵᠦ᠂ ᠢᠲᠡᠭᠡᠯ ᠵᠣᠷᠢᠭ ᠡᠷᠴᠢ ᠵᠣᠷᠢᠭ ᠢ ᠶᠡᠬᠡᠪᠡᠷ ᠬᠥᠪᠴᠢᠯᠡᠪᠡ︔ ᠬᠠᠷᠠᠯᠳᠠ ᠪᠠᠨ ᠵᠢᠱᠢᠭᠰᠡᠨ ᠨᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠦᠨᠡᠨ ᠬᠦ ᠪᠠᠲᠤᠯᠠᠵᠤ ᠴᠢᠳᠠᠭᠰᠠᠨ ᠮᠥᠷᠲᠡᠭᠡᠨ ᠪᠠᠰᠠ ᠡᠯ᠎ᠡ ᠲᠠᠯ᠎ᠠ ᠶᠢᠨ ᠬᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠢᠳᠡᠪᠭᠢᠳᠡᠢ ᠲᠠᠶᠢᠴᠢᠯᠠᠵᠤ ᠴᠢᠳᠠᠭᠰᠠᠨ ᠶᠤᠮ︔ ᠠᠵᠢᠯ ᠢᠶᠠᠨ ᠪᠠᠶᠢᠷᠢᠯᠠᠭᠤᠯᠤᠭᠰᠠᠨ ᠨᠢ ᠪᠣᠳᠠᠲᠠᠢ ᠶᠢ ᠡᠷᠬᠢᠮᠯᠡᠭᠰᠡᠨ ᠪᠦᠭᠡᠳ ᠬᠦᠴᠦᠨ ᠲᠠᠢ᠂ 10 ᠲᠠᠯ᠎ᠠ ᠠᠴᠠ ᠡᠨᠡ ᠵᠢᠯ ᠤᠨ ᠠᠵᠢᠯ ᠢᠶᠠᠨ ᠨᠠᠷᠢᠨ ᠪᠣᠳᠠᠲᠠᠢ ᠲᠣᠬᠢᠷᠠᠭᠤᠯᠤᠭᠰᠠᠨ ᠨᠢ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷ ᠲᠠᠢ᠂ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠳᠠᠲᠠᠢ ᠠᠷᠭ᠎ᠠ ᠵᠠᠮ ᠢ ᠲᠣᠳᠣᠷᠬᠠᠶᠢᠯᠠᠵᠤ ᠥᠭᠴᠡᠢ᠃ ᠢᠯᠡᠳᠬᠡᠯ ᠳᠤ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠬᠥᠮᠥᠰ ᠤᠨ ᠤᠷᠮ᠎ᠠ ᠵᠣᠷᠢᠭ ᠢ ᠬᠥᠭᠵᠢᠭᠡᠵᠡᠢ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠡᠢ᠃      ᠲᠠᠩ ᠢ ᠬᠡᠯᠡᠭᠰᠡᠨ ᠨᠢ᠂ ᠦᠬᠠᠢ ᠬᠤᠲᠠ ᠤᠬᠠᠮᠰᠠᠷ ᠠᠴᠠ ᠪᠠᠨ ᠪᠦᠬᠦ ᠲᠠᠯ᠎ᠠ ᠠᠴᠠ ᠨᠢᠭᠡ ᠬᠦᠷᠢᠶ᠎ᠡ ᠬᠡᠪᠴᠢᠶ᠎ᠡ ᠶᠢ ᠲᠥᠯᠥᠪᠯᠡᠵᠦ᠂ ᠨᠢᠭᠡ ᠬᠦᠷᠢᠶ᠎ᠡ ᠬᠡᠪᠴᠢᠶ᠎ᠡ ᠪᠠᠷ ᠪᠦᠬᠦ ᠲᠠᠯ᠎ᠠ ᠳᠤ ᠦᠢᠯᠡᠴᠢᠯᠡᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠶᠢᠯᠠᠭᠰᠠᠨ 10 ᠲᠠᠯ᠎ᠠ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠲᠥᠯᠥᠭᠡ ᠪᠣᠳᠠᠲᠠᠢ ᠪᠠᠷ ᠨᠠᠷᠢᠯᠢᠭᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠣᠬᠢᠷᠲᠤᠯ ᠦᠭᠡᠢ ᠡᠨᠧᠷᠭᠢ ᠶᠢ ᠰᠢᠩᠭᠡᠬᠡᠨ ᠠᠪᠬᠤ ᠰᠠᠭᠤᠷᠢᠨ ᠭᠠᠵᠠᠷ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ︽ᠠᠭᠤᠷᠬᠠᠢ ᠶᠢᠨ ᠡᠷᠬᠡ ᠶᠢ ᠨᠡᠶᠢᠳᠭᠡᠬᠦ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠵᠦ ᠳᠠᠬᠢᠨ ᠵᠣᠬᠢᠶᠠᠨ ᠪᠠᠶᠢᠭᠤᠯᠬᠤ᠂ ᠨᠡᠭᠦᠷᠡᠰᠦ ᠤᠬᠢᠶᠠᠨ ᠰᠢᠯᠢᠵᠦ ᠪᠣᠯᠪᠠᠰᠤᠷᠠᠭᠤᠯᠬᠤ ᠠᠵᠢᠯ ᠲᠥᠷᠥᠯ ᠢ ᠡᠭᠴᠡ ᠪᠠᠷ ᠨᠢᠭᠡ ᠴᠣᠭᠴᠠᠵᠢᠭᠤᠯᠤᠨ ᠨᠡᠶᠢᠳᠬᠡᠬᠦ︾ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠭᠡᠨ ᠪᠠᠶᠢᠭᠤᠯᠵᠤ᠂ ᠠᠵᠤ ᠠᠬᠤᠶᠢᠯᠠᠯ ᠢ ᠪᠣᠶᠢᠵᠢᠭᠤᠯᠤᠨ ᠵᠠᠬ᠎ᠠ ᠳᠡᠯᠭᠡᠭᠦᠷ ᠲᠤ ᠭᠠᠷᠭᠠᠬᠤ ᠶᠢ ᠪᠦᠲᠦᠮᠵᠢᠲᠡᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠥᠷᠥᠴᠡ ᠭᠠᠵᠠᠷ ᠤᠨ ᠲᠤᠯᠭᠠᠭᠤᠷᠢᠯᠠᠯ ᠢᠶᠠᠨ ᠦᠷᠭᠦᠯᠵᠢᠯᠡᠨ ᠴᠢᠩᠭᠠᠳᠬᠠᠵᠤ᠂ ︽ᠨᠢᠭᠡ ᠮᠦᠴᠡᠲᠤ ᠠᠮᠢᠳᠤᠷᠠᠯ ᠤᠨ ᠬᠦᠷᠢᠶ᠎ᠡ︾ ᠶᠢ ᠰᠢᠰᠲ᠋ᠧᠮ ᠲᠠᠢ ᠴᠣᠭᠴᠠᠯᠠᠵᠤ᠂ ᠬᠤᠳᠠ ᠶᠢᠨ ᠴᠢᠳᠠᠪᠬᠢ ᠪᠠᠨ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠵᠡᠷᠭᠡ 12 ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map