ᠣᠶᠢᠷ᠎ᠠ ᠳᠤ᠂ ᠨᠠᠮ ᠤᠨ ᠲᠥᠪ ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ᠂ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠨᠠᠮ ᠤᠨ ᠳᠦᠷᠢᠮ ᠢᠶᠠᠷ ᠦᠨᠳᠦᠰᠦᠨ ᠦᠨᠳᠦᠰᠦᠯᠡᠯ ᠪᠤᠯᠭᠠᠵᠤ᠂ ᠰᠢᠨ᠎ᠡ ᠴᠠᠭ ᠦᠶ᠎ᠡ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠢ ᠳ᠋ᠦᠩᠨᠡᠵᠦ᠂ ᠲᠣᠭᠤᠷᠢᠨ ᠪᠠᠶᠢᠴᠠᠭᠠᠬᠤ ᠠᠵᠢᠯ ᠤᠨ ᠪᠠᠶᠢᠭᠤᠯᠤᠮᠵᠢ ᠲᠣᠭᠲᠠᠴᠠ᠂ | ᠬᠠᠷᠢᠭᠤᠴᠠᠯᠭ᠎ᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠭᠦᠯᠬᠦ ᠨᠢ ᠨᠠᠮ ᠤᠨ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠲᠣᠭᠤᠷᠢᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ | ᠭᠠᠷᠭᠠᠪᠠ᠃ | ᠮᠡᠳᠡᠭᠳᠡᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠳᠦᠷᠢᠮ︾ ᠢ | ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠤᠬᠠᠭᠤᠯᠤᠨ ᠲᠠᠶᠢᠯᠪᠤᠷᠢᠯᠠᠬᠤ ᠪᠠ | ᠱᠠᠯᠠᠪᠳᠠᠭᠤᠯᠤᠨ ᠪᠠᠶᠢᠴᠠᠭᠠᠬᠤ ᠶᠢ ᠰᠠᠶᠢᠲᠤᠷ ᠠᠳᠬᠤᠵᠤ᠂ ︽ᠳᠦᠷᠢᠮ︾ ᠤᠨ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠡᠭᠦᠷᠭᠡ ᠪᠤᠯᠭᠠᠵᠤ᠂ ᠤᠯᠤᠰ ᠲᠦᠷᠦ ᠶᠢᠨ | ᠬᠢᠨᠠᠯᠲᠠ ᠶᠢ ᠪᠣᠳᠠᠲᠠᠶᠢᠵᠢᠭᠤᠯᠵᠤ᠂ ᠣᠨᠣᠴᠠᠲᠠᠢ ᠪᠤᠯᠭᠠᠵᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠲᠠᠯ᠎ᠠ ᠪᠠᠷ ᠦᠨᠡᠨ ᠪᠣᠳᠠᠲᠠᠢ ᠠᠵᠢᠯ ᠬᠢᠵᠦ᠂ ᠪᠣᠳᠠᠲᠤ ᠦᠷ᠎ᠡ | ᠪᠦᠲᠦᠮᠵᠢ ᠣᠯᠬᠤ ᠶᠢ ᠡᠷᠬᠢᠮᠯᠡᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ | ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ | ᠰᠠᠶᠢᠲᠤᠷ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ | ᠪᠠᠶᠢᠴᠠᠭᠠᠯᠲᠠ ᠶᠢᠨ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠬᠤ | ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠠᠷ ᠴᠠᠭᠳᠠᠨ ᠪᠠᠶᠢᠴᠠᠭᠠᠬᠤ ᠶᠢ ᠳᠠᠭᠠᠭᠤᠯᠵᠤ᠂ ᠳᠡᠭᠡᠳᠦ ᠳᠣᠣᠷᠠᠳᠤ | ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠤᠨ ᠳᠠᠪᠠᠭᠤᠯᠢᠭ ᠢ ᠪᠠᠳᠠᠷᠠᠭᠤᠯᠵᠤ᠂ ᠬᠢᠨᠠᠯᠲᠠ ᠲᠠᠯᠪᠢᠬᠤ ᠲᠣᠣᠷ ᠢ | ᠪᠠᠲᠤ ᠪᠠᠬᠢ ᠨᠢᠭᠲᠠ ᠰᠦᠯᠵᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠢ | ᠬᠡᠷᠡᠭᠵᠢᠭᠦᠯᠬᠦ ᠶᠠᠪᠤᠴᠠ ᠳᠠᠬᠢ ᠴᠢᠬᠤᠯᠠ ᠪᠠᠶᠢᠳᠠᠯ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ | ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠳᠦᠷᠢᠮ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ | ︵2015 ᠣᠨ ᠤ 6 ᠰᠠᠷ᠎ᠠ ᠶᠢᠨ 26 ᠤ ᠡᠳᠦᠷ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠬᠤᠷᠠᠯ ᠠᠴᠠ ᠬᠢᠨᠠᠨ ᠵᠥᠪᠯᠡᠵᠦ ᠵᠥᠪᠰᠢᠶᠡᠷᠡᠪᠡ 2015 ᠣᠨ ᠤ 8 ᠰᠠᠷ᠎ᠠ ᠶᠢᠨ 3 ᠤ ᠡᠳᠦᠷ ᠨᠠᠮ ᠤᠨ ᠲᠥᠪ ᠬᠤᠷᠢᠶ᠎ᠠ | ᠨᠡᠶᠢᠲᠡᠯᠡᠪᠡ 2024 ᠣᠨ ᠤ 1 ᠰᠠᠷ᠎ᠠ ᠶᠢᠨ 31 ᠤ ᠡᠳᠦᠷ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠬᠤᠷᠠᠯ ᠠᠴᠠ ᠬᠤᠶᠠᠷᠳᠠᠭᠢ ᠤᠳᠠᠭ᠎ᠠ ᠵᠠᠰᠠᠪᠤᠷᠢ ᠣᠷᠣᠭᠤᠯᠪᠠ 2024 ᠣᠨ ᠤ 2 ᠰᠠᠷ᠎ᠠ ᠶᠢᠨ 8 ᠤ ᠡᠳᠦᠷ | ᠨᠠᠮ ᠤᠨ ᠲᠥᠪ ᠬᠤᠷᠢᠶ᠎ᠠ ᠨᠡᠶᠢᠲᠡᠯᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠠᠮ ᠤᠨ ᠲᠣᠭᠤᠷᠢᠨ ᠪᠠᠶᠢᠴᠠᠭᠠᠬᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠢ ᠦᠨᠳᠦᠰᠦᠯᠡᠵᠦ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠪᠣᠯ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠠᠴᠠ ᠳᠣᠣᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠬᠤ ᠡᠭᠦᠷᠭᠡ | ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠠᠯᠪᠢᠬᠤ ᠤᠯᠤᠰ ᠲᠦᠷᠦ ᠶᠢᠨ ᠬᠢᠨᠠᠯᠲᠠ ᠪᠣᠯᠣᠨ᠎ᠠ᠂ ᠦᠨᠳᠦᠰᠦᠨ | ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ ᠪᠦᠭᠦ ᠨᠠᠮ ᠤᠨ | ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠠᠪᠤᠳᠠᠯ | ᠪᠣᠯᠣᠨ᠎ᠠ᠃ | ᠲᠣᠭᠤᠷᠢᠨ ᠪᠠᠶᠢᠴᠠᠭᠠᠬᠤ ᠠᠵᠢᠯ ᠳᠤ ᠠᠰᠠᠭᠤᠳᠠᠯ ᠢ ᠢᠯᠡᠷᠡᠭᠦᠯᠬᠦ᠂ ᠰᠦᠷ ᠬᠦᠴᠦᠲᠦ ᠪᠠᠶᠢᠳᠠᠯ ᠢ ᠪᠤᠢ ᠪᠤᠯᠭᠠᠬᠤ᠂ | ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠴᠢᠭᠯᠡᠯᠲᠡ ᠶᠢ ᠪᠠᠷᠢᠮᠲᠠᠯᠠᠨ᠎ᠠ᠃ | ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ | ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠳᠦᠷᠢᠮ ᠢ ᠡᠷᠬᠢᠮᠯᠡᠨ ᠳᠡᠭᠡᠳᠦᠯᠡᠵᠦ᠂ ᠳᠦᠷᠢᠮ ᠲᠣᠭᠲᠠᠭᠠᠯ ᠶᠣᠰᠣᠭᠠᠷ | ᠨᠠᠮ ᠢ ᠵᠠᠰᠠᠵᠤ᠂ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ | ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠨ | ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠠᠮ ᠪᠠ | ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ | ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ᠂ ᠶᠡᠭᠡ ᠨᠠᠮ ᠳᠤ | ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠪᠠᠲᠤᠯᠠᠭ᠎ᠠ ᠬᠠᠩᠭᠠᠵᠤ᠂ ᠨᠠᠮ ᠤᠨ ᠢᠮᠠᠭᠲᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ | ᠦᠨᠡᠨ ᠬᠦ ᠪᠠᠲᠤᠯᠠᠨ᠎ᠠ᠃ | ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠳᠤ ᠳᠣᠣᠷᠠᠬᠢ ᠵᠠᠷᠴᠢᠮ ᠤᠳ ᠢ ᠵᠢᠷᠤᠮᠯᠠᠨ᠎ᠠ᠄ | ︵ᠨᠢᠭᠡ︶ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠂ ᠱᠠᠲᠤ ᠬᠤᠪᠢᠶᠠᠨ | ᠬᠠᠷᠢᠭᠤᠴᠠᠬᠤ ᠶᠢ ᠪᠠᠷᠢᠮᠲᠠᠯᠠᠨ᠎ᠠ︔ | ︵ᠬᠤᠶᠠᠷ︶ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠎ᠠ︔ | ︵ᠭᠤᠷᠪᠠ︶ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠤᠯᠡᠠ ᠲᠦᠮᠡᠨᠴᠢ ᠱᠤᠭᠤᠮ ᠢ ᠲᠤᠭᠤᠰᠢᠯᠠᠭᠤᠯᠤᠨ᠎ᠠ︔ | ︵ᠳᠥᠷᠪᠡ︶ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠎ᠠ︔ | ︵ᠲᠠᠪᠤ︶ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ | ᠪᠠᠷᠢᠮᠲᠠᠯᠠᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ | ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠳᠣᠣᠷ᠎ᠠ᠂ ᠨᠠᠮ ᠤᠨ ᠵᠣᠬᠢᠶᠠᠨ ᠪᠠᠶᠢᠭᠤᠯᠤᠯᠲᠠ ᠱᠠᠲᠤ ᠬᠤᠪᠢᠶᠠᠨ ᠬᠠᠷᠢᠭᠤᠴᠠᠬᠤ᠂ ᠲᠣᠭᠤᠷᠢᠨ ᠪᠠᠶᠢᠴᠠᠭᠠᠬᠤ | ᠪᠠᠶᠢᠭᠤᠯᠤᠮᠵᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠠᠮᠵᠢᠯᠴᠠᠬᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠳᠡᠮᠵᠢᠬᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠬᠠᠮᠵᠢᠯᠴᠠᠬᠤ᠂ ᠠᠷᠠᠳ ᠤᠯᠠᠨ ᠣᠷᠤᠯᠴᠠᠬᠤ | ᠪᠠᠶᠢᠭᠤᠯᠤᠮᠵᠢ ᠲᠣᠭᠲᠠᠴᠠ ᠶᠢ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠨᠠᠮ ᠤᠨ ᠲᠥᠪ ᠬᠤᠷᠢᠶ᠎ᠠ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠬᠤᠷᠢᠶ᠎ᠠ ᠲᠣᠭᠤᠷᠢᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠪᠠᠶᠢᠭᠤᠯᠤᠮᠵᠢ | ᠪᠠᠶᠢᠭᠤᠯᠬᠤ᠂ ᠨᠢᠭᠡ ᠲᠤᠰᠢᠶᠠᠯ ᠤᠨ ᠬᠤᠭᠤᠴᠠᠭᠠᠨ ᠳᠤ ᠬᠠᠮᠢᠶᠠᠷᠴᠤ ᠪᠠᠶᠢᠭ᠎ᠠ ᠣᠷᠣᠨ ᠨᠤᠲᠤᠭ᠂ ᠰᠠᠯᠠᠭ᠎ᠠ ᠮᠥᠴᠢᠷ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ | ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ | ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠠ ᠲᠥᠪ ᠠᠴᠠ ᠬᠠᠮᠢᠶᠠᠷᠬᠤ ᠮᠥᠩᠭᠦᠨ ᠭᠦᠢᠯᠭᠡᠭᠡᠨ ᠤ ᠠᠵᠤ | ᠠᠬᠤᠶᠢᠯᠠᠯ᠂ ᠲᠥᠪ ᠠᠴᠠ ᠬᠠᠮᠢᠶᠠᠷᠬᠤ ᠠᠵᠤ ᠠᠬᠤᠶᠢᠯᠠᠯ᠂ ᠲᠥᠪ ᠠᠴᠠ ᠬᠠᠮᠢᠶᠠᠷᠬᠤ ᠶᠡᠭᠡ ᠳᠡᠭᠡᠳᠦ ᠰᠤᠷᠭᠠᠭᠤᠯᠢ ᠵᠡᠷᠭᠡ ᠶᠢᠨ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠭᠤᠷᠢᠨ | ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ᠂ ᠵᠠᠷᠴᠢᠮ ᠳᠡᠭᠡᠷ᠎ᠡ ᠪᠠᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠪᠠ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ | ᠶᠣᠰᠣᠭᠠᠷ᠂ ᠳᠣᠣᠷ᠎ᠠ ᠨᠢᠭᠡ ᠱᠠᠲᠤᠨ ᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠵᠤ | ᠬᠢᠨᠠᠯᠲᠠ ᠲᠠᠯᠪᠢᠨ᠎ᠠ᠃ | ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢ | ᠲᠣᠭᠤᠷᠢᠨ ᠪᠠᠶᠢᠴᠠᠭᠠᠬᠤ ᠶᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠪᠦᠭᠦ ᠲᠠᠯ᠎ᠠ ᠪᠠᠷ ᠬᠢᠨᠠᠯᠲᠠ | ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠭᠠᠷᠳᠠᠴᠠ ᠪᠤᠯᠭᠠᠵᠤ᠂ ᠲᠣᠭᠤᠷᠢᠨ ᠪᠠᠶᠢᠴᠠᠭᠠᠬᠤ | ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ᠃ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠵᠦᠢᠯᠡᠰ ᠢ ᠰᠤᠳᠤᠯᠤᠨ ᠪᠠᠶᠢᠷᠢᠯᠠᠭᠤᠯᠵᠤ᠂ ᠡᠷᠬᠡ ᠶᠢᠨ | ᠬᠡᠪᠴᠢᠶ᠎ᠡ ᠶᠣᠰᠣᠭᠠᠷ ᠲᠣᠭᠤᠷᠢᠨ ᠪᠠᠶᠢᠴᠠᠭᠠᠬᠤ ᠠᠵᠢᠯ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠬᠲᠠᠭᠠᠨ᠎ᠠ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ ᠦᠶ᠎ᠡ ᠶᠢᠨ | ᠡᠭᠦᠷᠭᠡ ᠶᠢᠨ ᠲᠣᠬᠢᠷᠠᠭᠤᠯᠤᠯᠲᠠ ᠶᠢ ᠬᠢᠨᠠᠨ ᠲᠣᠭᠲᠠᠭᠠᠵᠤ᠂ ᠲᠣᠭᠤᠷᠢᠨ ᠪᠠᠶᠢᠴᠠᠭᠠᠬᠤ ᠠᠵᠢᠯ ᠢ ᠪᠦᠭᠦᠨ ᠢ ᠪᠦᠷᠬᠦᠭᠦᠯᠬᠦ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠨᠣᠰᠤᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ︔ | ︵ᠲᠠᠪᠤ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ | ᠬᠤᠯᠪᠤᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠠᠪᠴᠠᠩ ᠤᠨ ᠦᠢᠯᠡᠳᠦᠯ ᠢ | ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ | ᠠᠭᠢᠭᠤᠯᠤᠨ᠎ᠠ︔ | ︵ᠲᠤᠯᠤᠭ᠎ᠠ︶ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠴᠢᠩᠭᠠᠳᠬᠠᠨ᠎ᠠ︔ | ︵ᠨᠠᠢᠮᠠ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠲᠣᠭᠲᠠᠭᠠᠨ᠎ᠠ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ | ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ ᠪᠥᠭᠡᠳ | ᠠᠵᠢᠯ ᠢᠶᠠᠨ ᠬᠠᠷᠢᠭᠤ ᠮᠡᠳᠡᠭᠦᠯᠦᠨ᠎ᠡ᠃ | ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ | ᠲᠤᠰᠢᠶᠠᠯ ᠢ ᠡᠩ ᠤᠨ ᠪᠠᠶᠢᠳᠠᠯ ᠳᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠣᠯᠣᠨ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠡᠳᠦᠷ ᠳᠤᠳᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠱᠦᠵᠢ | ᠡᠭᠦᠷᠭᠡᠯᠡᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠠᠳᠠᠯᠢ ᠱᠠᠲᠤᠨ ᠤ ᠨᠠᠮ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ | ᠡᠩ ᠤᠨ ᠪᠠᠶᠢᠳᠠᠯ ᠳᠤ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠡᠭᠦᠷᠭᠡᠯᠡᠨ᠎ᠡ᠃ | ᠲᠥᠪ ᠤᠨ ᠬᠠᠮᠢᠶ᠎ᠠ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ | ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ | ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ | ᠶᠡᠭᠡ ᠳᠡᠭᠡᠳᠦ ᠰᠤᠷᠭᠠᠭᠤᠯᠢ ᠵᠡᠷᠭᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ | ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ ᠱᠦᠵᠢ ︵ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ | ᠪᠠᠶᠢᠭᠤᠯᠤᠭᠰᠠᠨ ᠦᠭᠡᠢ ᠨᠢᠭᠡᠴᠢ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠠᠭᠲᠠᠨ᠎ᠠ︶ ᠡᠭᠦᠷᠭᠡᠯᠡᠵᠦ᠂ | ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ ᠤᠳᠤᠷᠢᠳᠬᠤ ᠳᠤᠭᠤᠶᠢᠯᠠᠩ᠂ | ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠪᠠᠭ ᠤᠨ | ᠪᠦᠷᠢᠯᠳᠦᠭᠦᠨ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ | ᠡᠭᠦᠷᠭᠡᠯᠡᠨ᠎ᠡ᠃ | ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠣᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ ᠦᠶ᠎ᠡ ᠶᠢᠨ | ᠡᠭᠦᠷᠭᠡ ᠶᠢᠨ ᠲᠣᠬᠢᠷᠠᠭᠤᠯᠤᠯᠲᠠ ᠶᠢ ᠰᠤᠳᠤᠯᠤᠨ ᠳᠤᠷᠠᠳᠴᠤ᠂ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ | ᠵᠣᠬᠢᠶᠠᠨ ᠪᠠᠶᠢᠭᠤᠯᠤᠨ ᠭᠡᠷᠡᠭᠵᠢᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠳᠥᠷᠪᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ ᠠᠵᠢᠯ ᠤᠨ | ᠪᠠᠶᠢᠳᠠᠯ ᠢᠶᠠᠨ ᠬᠠᠷᠢᠭᠤ ᠮᠡᠳᠡᠭᠦᠯᠦᠨ᠎ᠡ︔ | ︵ᠲᠠᠪᠤ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠲᠣᠭᠤᠷᠢᠨ | ᠪᠠᠶᠢᠴᠠᠭᠠᠵᠤ ᠬᠠᠷᠢᠭᠤ ᠲᠤᠰᠬᠠᠬᠤ᠂ ᠵᠠᠷᠯᠠᠨ ᠮᠡᠳᠡᠭᠳᠡᠬᠦ ᠪᠠ ᠰᠢᠯᠵᠢᠭᠦᠯᠦᠨ ᠲᠤᠰᠢᠶᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ | ᠠᠭᠢᠭᠤᠯᠤᠨ᠎ᠠ︔ | ︵ᠵᠢᠷᠭᠤᠭ᠎ᠠ︶ ᠳᠣᠣᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠴᠠᠭᠳᠠᠨ | ᠪᠠᠶᠢᠴᠠᠭᠠᠬᠤ ᠠᠵᠢᠯ ᠢ ᠵᠢᠯᠣᠭᠤᠳᠤᠨ᠎ᠠ︔ | ︵ᠲᠤᠯᠤᠭ᠎ᠠ︶ ᠲᠣᠭᠤᠷᠢᠨ ᠪᠠᠶᠢᠴᠠᠭᠠᠵᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ | ᠠᠭᠢᠭᠤᠯᠤᠨ᠎ᠠ︔ | ︵ᠨᠠᠢᠮᠠ︶ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠲᠣᠭᠤᠷᠢᠨ ᠪᠠᠶᠢᠴᠠᠭᠠᠬᠤ | ᠳᠤᠭᠤᠶᠢᠯᠠᠩ ᠳᠤ ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔ | ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠰᠢᠢᠳᠪᠦᠷᠢᠯᠡᠨ᠎ᠡ᠃ | ᠠᠷᠪᠠᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | ᠪᠣᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠬᠡᠷᠡᠭ | ᠡᠷᠭᠢᠯᠡᠭᠦ ᠪᠠᠶᠢᠭᠤᠯᠤᠮᠵᠢ ᠮᠥᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠭᠠᠷᠭᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ | ᠮᠥᠴᠢᠷ ᠪᠣᠯᠣᠨ᠎ᠠ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ | ᠲᠤᠳᠤᠮ ᠤᠨ ᠠᠵᠢᠯ ᠢ ᠡᠭᠦᠷᠭᠡᠯᠡᠵᠦ᠂ ᠠᠳᠠᠯᠢ ᠱᠠᠲᠤᠨ ᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠭᠠᠷᠭᠠᠨ᠎ᠠ᠃ | ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ | ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ | ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ | ᠶᠡᠭᠡ ᠳᠡᠭᠡᠳᠦ ᠰᠤᠷᠭᠠᠭᠤᠯᠢ ᠵᠡᠷᠭᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠤᠰᠠᠭᠠᠷ ᠪᠠᠶᠢᠭᠤᠯᠵᠤ ᠪᠣᠯᠣᠨ᠎ᠠ᠂ ᠪᠠᠰᠠ | ᠳᠣᠲᠣᠭᠠᠳᠤ ᠪᠠᠶᠢᠭᠤᠯᠤᠮᠵᠢ ᠲᠠᠢ ᠪᠠᠨ ᠵᠠᠬᠢᠷᠭ᠎ᠠ ᠨᠡᠶᠢᠯᠡᠭᠦᠯᠦᠨ ᠠᠯᠪᠠᠯᠠᠵᠤ ᠪᠣᠯᠣᠨ᠎ᠠ᠂ ᠵᠣᠬᠢᠬᠤ ᠲᠤᠰᠬᠠᠢ ᠲᠤᠰᠢᠶᠠᠯ ᠤᠨ | ᠠᠵᠢᠯᠲᠠᠨ ᠲᠣᠬᠢᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠳᠤᠳᠤᠮ ᠤᠨ ᠠᠵᠢᠯ ᠢ ᠡᠭᠦᠷᠭᠡᠯᠡᠨ᠎ᠡ᠃ | ᠠᠷᠪᠠᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠣᠭᠲᠠᠭᠠᠯ ᠤᠨ ᠵᠦᠢᠯᠡᠰ ᠢ | ᠱᠠᠯᠠᠪᠳᠠᠭᠤᠯᠤᠨ ᠰᠢᠢᠳᠪᠦᠷᠢᠯᠡᠨ᠎ᠡ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠠᠵᠢᠯ ᠤᠨ ᠪᠠᠶᠢᠳᠠᠯ ᠪᠣᠯᠣᠨ | ᠴᠢᠬᠤᠯᠠ ᠵᠦᠢᠯᠡᠰ ᠢ ᠬᠠᠷᠢᠭᠤ ᠮᠡᠳᠡᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ | ᠵᠣᠬᠢᠴᠠᠭᠤᠯᠵᠤ᠂ ᠵᠢᠯᠤᠭᠤᠳᠴᠤ᠂ ᠪᠠᠲᠤᠯᠠᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠮᠥᠷᠳᠡᠨ ᠱᠠᠯᠠᠪᠳᠠᠭᠤᠯᠬᠤ᠂ ᠬᠤᠷᠢᠶᠠᠩᠭᠤᠶᠢᠯᠠᠨ ᠬᠠᠷᠢᠭᠤ ᠮᠡᠳᠡᠭᠦᠯᠬᠦ ᠶᠢ | ᠬᠠᠷᠢᠭᠤᠴᠠᠨ᠎ᠠ︔ | ︵ᠲᠠᠪᠤ︶ ᠳᠣᠣᠷᠠᠳᠤ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠳᠤ ᠵᠢᠯᠣᠭᠤᠳᠤᠯᠭ᠎ᠠ | ᠬᠢᠬᠦ ᠶᠢ ᠬᠠᠷᠢᠭᠤᠴᠠᠨ᠎ᠠ︔ | ︵ᠵᠢᠷᠭᠤᠭ᠎ᠠ︶ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠲᠣᠭᠤᠷᠢᠨ ᠪᠠᠶᠢᠴᠠᠭᠠᠬᠤ ᠠᠵᠢᠯ ᠳᠤ | ᠬᠠᠮᠵᠢᠯᠴᠠᠬᠤ᠂ ᠳᠡᠮᠵᠢᠯᠭᠡ ᠦᠵᠡᠭᠦᠯᠭᠦ ᠶᠢ ᠬᠠᠷᠢᠭᠤᠴᠠᠨ ᠵᠣᠬᠢᠴᠠᠭᠤᠯᠵᠤ᠂ ᠲᠣᠭᠤᠷᠢᠨ ᠪᠠᠶᠢᠴᠠᠭᠠᠬᠤ ᠬᠢᠨᠠᠯᠲᠠ ᠪᠠ ᠪᠤᠰᠤᠳ | ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠪᠣᠳᠠᠲᠠᠢ ᠲᠣᠭᠲᠠᠴᠠ ᠶᠢ ᠪᠠᠶᠢᠭᠤᠯᠬᠤ ᠶᠢ ᠠᠭᠢᠭᠤᠯᠤᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠣᠨᠣᠯ ᠤᠨ ᠰᠤᠳᠤᠯᠭᠠᠨ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ | ᠰᠤᠳᠤᠯᠤᠯᠲᠠ᠂ ᠳᠦᠷᠢᠮ ᠤᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ | ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠣᠭᠤᠷᠢᠨ ᠪᠠᠶᠢᠴᠠᠭᠠᠬᠤ ᠺᠠᠳ᠋ᠷ ᠢ ᠬᠥᠮᠥᠵᠢᠭᠦᠯᠬᠦ᠂ | ᠪᠤᠯᠪᠠᠰᠤᠷᠠᠭᠤᠯᠬᠤ᠂ ᠬᠢᠨᠠᠨ ᠰᠢᠯᠭᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ︔ | ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ︵ᠠᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ | ᠭᠦᠢᠴᠡᠳᠬᠡᠨ᠎ᠡ᠃ | ᠠᠷᠪᠠᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠳᠤ ᠲᠣᠰ ᠲᠣᠰ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ | ᠳᠠᠷᠤᠭ᠎ᠠ᠂ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠪᠠ ᠪᠤᠰᠤᠳ ᠲᠤᠰᠢᠶᠠᠯ ᠤᠨ ᠪᠠᠶᠢᠷᠢ ᠭᠠᠷᠭᠠᠨ᠎ᠠ᠃ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠪᠣᠳᠠᠲᠠᠢ ᠵᠢᠱᠢᠭᠳᠡᠭᠴᠢ ᠶᠢ ᠤᠳᠠᠭ᠎ᠠ | ᠪᠦᠷᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠦᠨᠳᠦᠰᠦᠯᠡᠨ ᠲᠣᠭᠲᠠᠭᠠᠬᠤ ᠶᠢᠨ ᠬᠠᠮᠲᠤ ᠡᠷᠬᠡ ᠣᠯᠭᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠶᠣᠰᠣᠭᠠᠷ | ᠴᠢᠬᠤᠯᠠ ᠶᠡᠭᠡ ᠵᠦᠢᠯᠡᠰ ᠢ ᠰᠤᠳᠤᠯᠤᠨ ᠶᠠᠷᠢᠯᠴᠠᠵᠤ ᠲᠣᠭᠲᠠᠭᠠᠬᠤ ᠬᠡᠷᠡᠭᠲᠡᠢ᠃ ᠳᠤᠭᠤᠶᠢᠯᠠᠩ ᠤᠨ ᠳᠠᠷᠤᠭ᠎ᠠ ᠨᠢ ᠲᠤᠰ | ᠳᠤᠭᠤᠶᠢᠯᠠᠩ ᠤᠨ ᠢᠶᠠᠨ ᠠᠵᠢᠯ ᠢ ᠪᠦᠭᠦ ᠲᠠᠯ᠎ᠠ ᠪᠠᠷ ᠬᠠᠷᠢᠭᠤᠴᠠᠵᠤ᠂ ᠳᠤᠭᠤᠶᠢᠯᠠᠩ ᠤᠨ ᠳᠡᠳ᠋ ᠳᠠᠷᠤᠭ᠎ᠠ ᠨᠢ ᠳᠤᠭᠤᠶᠢᠯᠠᠩ ᠤᠨ | ᠳᠠᠷᠤᠭ᠎ᠠ ᠪᠠᠨ ᠬᠠᠮᠵᠢᠯᠴᠠᠨ ᠠᠵᠢᠯ ᠥᠷᠨᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠲᠣᠭᠤᠷᠢᠨ ᠪᠠᠶᠢᠴᠠᠭᠠᠯᠲᠠ | ᠥᠷᠨᠢᠭᠦᠯᠦᠨ᠎ᠡ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ | ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠤᠨ᠎ᠠ︔ | ︵ᠭᠤᠷᠪᠠ︶ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ | ᠰᠠᠨᠠᠯ ᠢ ᠬᠠᠷᠢᠭᠤ ᠲᠤᠰᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠨᠢᠭᠡᠴᠢ ᠳᠤ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ | ᠪᠣᠯᠣᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠳᠤ ᠣᠷᠣᠯᠴᠠᠨ᠎ᠠ︔ | ︵ᠳᠥᠷᠪᠡ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠺᠠᠳ᠋ᠷᠴᠤᠳ ᠲᠤ ᠡᠳᠦᠷ ᠳᠤᠳᠤᠮ ᠤᠨ ᠬᠥᠮᠦᠵᠢᠯ᠂ | ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ | ᠭᠦᠢᠴᠡᠳᠬᠡᠨ᠎ᠡ᠃ | ᠠᠷᠪᠠᠨ ᠳᠥᠷᠪᠡᠳᠦᠭᠡᠷ ᠵᠦᠢᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠮᠵᠢᠨ ᠲᠣᠭᠤᠷᠢᠨ ᠪᠠᠶᠢᠴᠠᠭᠠᠬᠤ ᠠᠵᠢᠯ ᠢ | ᠥᠷᠨᠢᠭᠦᠯᠵᠦ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ᠂ ᠨᠢᠭᠤᠴᠠ ᠶᠢ ᠬᠠᠮᠠᠭᠠᠯᠠᠬᠤ᠂ ᠬᠢᠨᠠᠨ | ᠪᠤᠳᠤᠬᠤ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠪᠠ ᠨᠢᠭᠡᠴᠢ ᠲᠣᠭᠤᠷᠢᠨ | ᠪᠠᠶᠢᠴᠠᠭᠠᠬᠤ ᠠᠵᠢᠯ ᠢ ᠳᠡᠮᠵᠢᠵᠦ᠂ ᠠᠵᠢᠯᠲᠠᠨ ᠢ ᠰᠣᠩᠭᠤᠨ ᠲᠣᠮᠢᠯᠠᠬᠤ᠂ ᠪᠠᠶᠢᠳᠠᠯ ᠢ ᠮᠡᠳᠡᠭᠳᠡᠬᠦ᠂ ᠲᠦᠷᠦ ᠶᠢᠨ ᠪᠣᠳᠣᠯᠭ᠎ᠠ ᠶᠢᠨ | ᠵᠥᠪᠯᠡᠯᠭᠡ ᠥᠭᠬᠦ᠂ ᠠᠰᠠᠭᠤᠳᠠᠯ ᠢ ᠰᠤᠳᠤᠯᠤᠨ ᠮᠠᠭᠠᠳᠯᠠᠬᠤ᠂ ᠠᠷᠭ᠎ᠠ ᠬᠡᠮᠵᠢᠶ᠎ᠡ ᠶᠢ ᠬᠠᠮᠵᠢᠯᠴᠠᠬᠤ᠂ ᠴᠡᠭᠴᠡᠯᠡᠨ | ᠰᠠᠶᠢᠵᠢᠷᠠᠭᠤᠯᠬᠤ ᠳᠤ ᠬᠢᠨᠠᠯᠲᠠ ᠲᠠᠯᠪᠢᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ ᠬᠢᠨᠠᠯᠲᠠ ᠲᠠᠯᠪᠢᠬᠤ ᠨᠢᠭᠡᠴᠢ | ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢ ᠬᠠᠮᠵᠢᠨ ᠲᠣᠭᠤᠷᠢᠨ ᠪᠠᠶᠢᠴᠠᠭᠠᠬᠤ ᠠᠵᠢᠯ ᠢ | ᠥᠷᠨᠢᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ | ᠵᠢᠴᠢ ᠲᠡᠭᠦᠨ ᠤ ᠪᠦᠷᠢᠯᠳᠦᠭᠦᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠬᠤ ᠬᠢᠨᠠᠯᠲᠠ ᠶᠢ ᠬᠦᠯᠢᠶᠡᠵᠦ᠂ ᠲᠣᠭᠤᠷᠢᠨ | ᠪᠠᠶᠢᠴᠠᠭᠠᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ | ᠨᠠᠮ ᠤᠨ ᠭᠡᠰᠢᠭᠦᠨ᠂ ᠺᠠᠳ᠋ᠷᠴᠤᠳ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠦᠨᠡᠨ ᠮᠥᠨ ᠢᠶᠠᠷ ᠨᠢ | ᠲᠤᠰᠬᠠᠬᠤ ᠡᠭᠦᠷᠭᠡ ᠲᠠᠢ᠃ | ᠭᠤᠷᠪᠠᠳᠤᠭᠠᠷ ᠪᠦᠯᠦᠭ ᠲᠣᠭᠤᠷᠢᠨ ᠪᠠᠶᠢᠴᠠᠭᠠᠬᠤ ᠡᠲᠡᠭᠡᠳ ᠪᠠ ᠠᠭᠤᠯᠭ᠎ᠠ | ᠠᠷᠪᠠᠨ ᠵᠢᠷᠭᠤᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠡᠲᠡᠭᠡᠳ ᠪᠣᠯ᠄ | ︵ᠨᠢᠭᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠵᠢᠴᠢ ᠲᠡᠭᠦᠨ ᠤ | ᠤᠳᠤᠷᠢᠳᠬᠤ ᠪᠠᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ᠂ ᠳᠡᠳ᠋ ᠮᠤᠵᠢ ᠶᠢᠨ ᠱᠠᠲᠤᠨ ᠤ ᠬᠤᠳᠠ ᠶᠢᠨ ᠨᠠᠮ ᠤᠨ ᠬᠤᠷᠢᠶ᠎ᠠ | ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ︔ | ︵ᠬᠤᠶᠠᠷ︶ ᠲᠥᠪ ᠤᠨ ᠶᠠᠮᠤᠨ ᠵᠥᠪᠯᠡᠯ ᠤᠨ ᠤᠳᠤᠷᠢᠳᠬᠤ ᠪᠠᠭ᠂ ᠲᠥᠪ ᠤᠨ ᠲᠥᠷᠥ ᠶᠢᠨ ᠪᠠᠶᠢᠭᠤᠯᠭ᠎ᠠ ᠶᠢᠨ ᠰᠠᠯᠠᠭ᠎ᠠ | ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶︔ | ︵ᠭᠤᠷᠪᠠ︶ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ | ᠪᠠᠶᠢᠭ᠎ᠠ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠢᠴᠢ ᠲᠥᠪ ᠠᠴᠠ ᠬᠠᠮᠢᠶᠠᠷᠴᠤ | ᠪᠠᠶᠢᠭ᠎ᠠ ᠪᠤᠰᠤᠳ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶︔ | ︵ᠳᠥᠷᠪᠡ︶ ᠨᠠᠮ ᠤᠨ ᠲᠥᠪ ᠬᠤᠷᠢᠶ᠎ᠠ ᠠᠴᠠ ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ | ᠪᠠᠶᠢᠭᠤᠯᠤᠯᠲᠠ᠃ | ᠠᠷᠪᠠᠨ ᠳᠣᠯᠣᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠡᠲᠡᠭᠡᠳ ᠪᠣᠯ᠄ | ︵ᠨᠢᠭᠡ︶ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ | ᠬᠤᠷᠢᠶ᠎ᠠ ᠵᠢᠴᠢ ᠲᠡᠭᠦᠨ ᠤ ᠤᠳᠤᠷᠢᠳᠬᠤ ᠪᠠᠭ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ | ᠬᠤᠰᠢᠭᠤ︶ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶ | ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠪᠠ ᠰᠢᠶᠠᠨ ︵ᠬᠤᠲᠠ᠂ | ᠲᠣᠭᠤᠷᠢᠭ᠂ ᠬᠤᠰᠢᠭᠤ︶ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠤᠣᠯ ᠬᠠᠷᠢᠭᠤᠴᠠᠯᠭᠠᠲᠠᠨ︔ | ︵ᠬᠤᠶᠠᠷ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ | ᠰᠠᠯᠠᠭ᠎ᠠ ᠮᠥᠴᠢᠷ ᠤᠨ ᠤᠳᠤᠷᠢᠳᠬᠤ ᠪᠠᠭ᠂ ᠮᠤᠵᠢ ᠶᠢᠨ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ | ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶︔ | ︵ᠭᠤᠷᠪᠠ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠬᠠᠮᠢᠶᠠᠷᠴᠤ ᠪᠠᠶᠢᠭ᠎ᠠ ᠤᠯᠤᠰ ᠤᠨ | ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶︔ | ︵ᠳᠥᠷᠪᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ ᠪᠠᠶᠢᠭᠤᠯᠤᠯᠲᠠ᠃ | ᠠᠷᠪᠠᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ | ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠳᠦᠷᠢᠮ ᠢ ᠴᠢᠩᠳᠠᠯᠠᠵᠤ᠂ ᠳᠣᠣᠷᠠᠬᠢ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠄ | ︵ᠨᠢᠭᠡ︶ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ᠂ ᠨᠠᠮ ᠤᠨ ᠲᠥᠪ ᠬᠤᠷᠢᠶ᠎ᠠ ᠶᠢᠨ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠢᠯᠠᠩᠭᠤᠶ᠎ᠠ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ | ᠪᠠᠶᠢᠳᠠᠯ᠂ ᠨᠠᠮ ᠤᠨ ᠳᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠂ | ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠬᠤᠶᠠᠷ︶ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠠᠷᠠᠯ ᠢ | ᠡᠰᠡᠷᠭᠦᠴᠡᠬᠦ ᠲᠡᠮᠡᠴᠡᠯ ᠢ ᠠᠬᠢᠭᠤᠯᠤᠭᠰᠠᠨ ᠪᠠᠶᠢᠳᠠᠯ᠂ ᠤᠳᠤᠷᠢᠳᠬᠤ ᠺᠠᠳ᠋ᠷᠴᠤᠳ ᠤᠨ ᠠᠵᠢᠯ ᠤᠨ ᠪᠦᠲᠦᠮᠵᠢ ᠶᠢᠨ ᠲᠤᠬᠠᠢ | ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠦᠭᠰᠡᠨ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠭᠰᠠᠨ᠂ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠭᠰᠠᠨ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠭᠰᠠᠨ ᠪᠠᠶᠢᠳᠠᠯ︔ | ︵ᠭᠤᠷᠪᠠ︶ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠵᠤ᠂ | ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠵᠦ᠂ ᠤᠳᠤᠷᠢᠳᠬᠤ ᠪᠠᠭ ᠪᠠ ᠺᠠᠳ᠋ᠷ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ | ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ | ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠵᠢᠴᠢ ᠬᠢᠨᠠᠨ ᠪᠤᠳᠤᠬᠤ᠂ ᠡᠳ᠋ᠤᠨ ᠶᠠᠪᠤᠳᠠᠯ᠂ ᠲᠤᠭ᠎ᠠ | ᠪᠦᠷᠢᠳᠬᠡᠯᠵᠡᠷᠭᠡ ᠪᠤᠰᠤᠳ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ | ᠣᠶᠢᠯᠠᠭᠠᠬᠤ ᠪᠠᠷ ᠱᠠᠭᠠᠷᠳᠠᠭᠰᠠᠨ ᠪᠤᠰᠤᠳ ᠪᠠᠶᠢᠳᠠᠯ᠃ | ᠠᠷᠪᠠ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠡᠭᠦᠨ ᠤ ᠨᠠᠮ ᠳᠠᠭᠠᠨ | ᠦᠨᠡᠨᠴᠢ ᠰᠢᠳᠤᠷᠭᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ | ᠭᠦᠢᠴᠡᠳᠬᠡᠭᠰᠡᠨ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠷᠬᠡ ᠪᠠᠨ | ᠬᠡᠷᠡᠭᠯᠡᠭᠰᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ ᠠᠷᠢᠭᠤᠨ ᠴᠢᠬᠡᠴᠢ ᠪᠠᠷ ᠪᠡᠶ᠎ᠡ ᠪᠠᠨ | ᠱᠠᠭᠠᠷᠳᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠤᠰᠬᠠᠭᠰᠠᠨ ᠴᠢᠬᠤᠯᠠ ᠠᠰᠠᠭᠤᠳᠠᠯ ᠢ ᠭᠦᠨᠵᠡᠭᠡᠢ | ᠣᠶᠢᠯᠠᠭᠠᠵᠤ᠂ ᠲᠤᠰᠬᠠᠢ ᠰᠡᠳᠦᠪᠲᠦ ᠮᠠᠲ᠋ᠧᠷᠢᠶᠠᠯ ᠢ ᠪᠦᠷᠢᠯᠳᠦᠭᠦᠯᠬᠦ ᠬᠡᠷᠡᠭᠲᠡᠢ᠃ | ᠬᠤᠷᠢᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ | ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠵᠤᠷᠰᠢᠯᠲᠤ ᠲᠣᠭᠤᠷᠢᠨ ᠪᠠᠶᠢᠴᠠᠭᠠᠯᠲᠠ᠂ ᠲᠤᠰᠬᠠᠢ ᠲᠣᠭᠤᠷᠢᠨ ᠪᠠᠶᠢᠴᠠᠭᠠᠯᠲᠠ᠂ | ᠬᠥᠳᠡᠯᠦᠩᠭᠦᠢ ᠲᠣᠭᠤᠷᠢᠨ ᠪᠠᠶᠢᠴᠠᠭᠠᠯᠲᠠ᠂ ︽ᠡᠷᠭᠢᠨ ᠬᠠᠷᠠᠬᠤ︾ ᠵᠡᠷᠭᠡ ᠠᠷᠭ᠎ᠠ ᠭᠡᠯᠪᠡᠷᠢ ᠪᠠᠷ ᠲᠣᠭᠤᠷᠢᠨ ᠪᠠᠶᠢᠴᠠᠭᠠᠵᠤ | ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠂ ᠴᠢᠬᠤᠯᠠᠲᠠᠢ ᠦᠶ᠎ᠡ ᠳᠤ ᠲᠡᠰ ᠳᠡᠪᠰᠢᠭᠦᠯᠵᠦ ᠲᠣᠭᠤᠷᠢᠨ | ᠪᠠᠶᠢᠴᠠᠭᠠᠵᠤ ᠪᠣᠯᠣᠨ᠎ᠠ᠃ | ᠳᠥᠷᠪᠡᠳᠦᠭᠡᠷ ᠪᠦᠯᠦᠭ ᠠᠵᠢᠯ ᠤᠨ ᠳᠡᠰ ᠳᠠᠷᠠᠭᠠᠯᠠᠯ᠂ ᠠᠷᠭ᠎ᠠ ᠭᠡᠯᠪᠡᠷᠢ ᠪᠠ ᠡᠷᠬᠡ ᠮᠡᠳᠡᠯ ᠤᠨ ᠬᠡᠪᠴᠢᠶ᠎ᠡ | ᠬᠤᠷᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠠᠴᠠ | ᠡᠮᠦᠨ᠎ᠡ᠂ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ | ᠴᠠᠭᠠᠵᠠ᠂ ᠨᠢᠭᠤᠴᠠ ᠶᠢ ᠬᠠᠮᠠᠭᠠᠯᠠᠬᠤ᠂ ᠬᠢᠨᠠᠨ ᠪᠤᠳᠤᠬᠤ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ | ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠶᠢᠨ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠲᠤᠬᠠᠢ ᠬᠤᠯᠪᠣᠭᠳᠠᠯ ᠪᠦᠬᠦᠢ ᠪᠠᠶᠢᠳᠠᠯ ᠤᠨ ᠮᠡᠳᠡᠭᠦᠯᠦᠯᠲᠡ ᠶᠢ | ᠰᠣᠨᠣᠰᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠭᠰᠠᠨ ᠤ ᠲᠠᠷᠠᠭ᠎ᠠ᠂ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠡᠭᠦᠷᠭᠡ ᠪᠠᠨ ᠮᠡᠳᠡᠭᠳᠡᠵᠦ᠂ ᠲᠣᠭᠲᠠᠭᠰᠠᠨ | ᠠᠵᠢᠯ ᠤᠨ ᠠᠷᠭ᠎ᠠ ᠭᠡᠯᠪᠡᠷᠢ ᠪᠣᠯᠣᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠤᠷᠢᠨ ᠪᠠᠶᠢᠴᠠᠭᠠᠵᠤ ᠣᠶᠢᠯᠠᠭᠠᠬᠤ ᠠᠵᠢᠯ | ᠥᠷᠨᠢᠭᠦᠯᠬᠦ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠲᠤᠬᠠᠢ ᠲᠤᠰᠬᠠᠭᠰᠠᠨ ᠴᠢᠬᠤᠯᠠ ᠠᠰᠠᠭᠤᠳᠠᠯ ᠪᠠ ᠠᠰᠠᠭᠤᠳᠠᠯ ᠤᠨ | ᠰᠦᠪᠡᠭᠴᠢ ᠶᠢ ᠭᠦᠨᠵᠡᠭᠡᠢ ᠣᠶᠢᠯᠠᠭᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠳᠣᠣᠷᠠᠬᠢ ᠠᠷᠭ᠎ᠠ ᠭᠡᠯᠪᠡᠷᠢ ᠪᠠᠷ ᠪᠠᠶᠢᠳᠠᠯ ᠢ | ᠣᠶᠢᠯᠠᠭᠠᠨ᠎ᠠ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠪᠠ | ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠬᠤ︔ | ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ | ᠪᠦᠷᠢᠯᠳᠦᠭᠦᠨ ᠪᠠ ᠪᠤᠰᠤᠳ ᠺᠠᠳ᠋ᠷ ᠤᠯᠠᠨ ᠲᠦᠮᠡᠨ ᠲᠠᠢ ᠲᠤᠰᠬᠠᠢ ᠶᠠᠷᠢᠯᠴᠠᠬᠤ︔ | ︵ᠭᠤᠷᠪᠠ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ | ᠪᠦᠷᠢᠯᠳᠦᠭᠦᠨ ᠪᠠ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ | ᠬᠠᠷᠢᠭᠤᠴᠠᠯᠭᠠᠲᠠᠨ ᠤ ᠠᠰᠠᠭᠤᠳᠠᠯ ᠢ ᠲᠤᠰᠬᠠᠭᠰᠠᠨ ᠵᠠᠬᠢᠳᠠᠯ᠂ ᠤᠲᠠᠰᠤ᠂ ᠰᠤᠷᠪᠤᠯᠵᠢᠯᠠᠯ ᠵᠡᠷᠭᠡ ᠶᠢ ᠭᠥᠯᠢᠶᠡᠨ ᠠᠪᠴᠤ | ᠰᠢᠢᠳᠪᠦᠷᠢᠯᠡᠭᠦ︔ | ︵ᠳᠥᠷᠪᠡ︶ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠦᠭᠰᠡᠨ | ᠪᠠᠶᠢᠳᠠᠯ ᠢ ᠰᠣᠩᠭᠤᠨ ᠪᠠᠶᠢᠴᠠᠭᠠᠵᠤ ᠬᠢᠨᠠᠨ ᠬᠠᠷᠭᠤᠭᠤᠯᠬᠤ︔ | ︵ᠲᠠᠪᠤ︶ ᠬᠤᠯᠪᠣᠭᠳᠠᠯ ᠪᠦᠬᠦᠢ ᠪᠠᠶᠢᠳᠠᠯ ᠢ ᠮᠡᠳᠡᠬᠦ ᠬᠥᠮᠥᠨ ᠠᠴᠠ ᠪᠠᠶᠢᠳᠠᠯ ᠢ ᠯᠠᠪᠯᠠᠨ ᠠᠰᠠᠭᠤᠬᠤ︔ | ︵ᠵᠢᠷᠭᠤᠭ᠎ᠠ︶ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠬᠤᠷᠠᠯ ᠤᠨ ᠲᠡᠮᠳᠡᠭᠯᠡᠯ ᠵᠡᠷᠭᠡ | ᠮᠠᠲ᠋ᠧᠷᠢᠶᠠᠯ ᠢ ᠰᠢᠯᠵᠢᠭᠦᠯᠦᠨ ᠦᠵᠡᠬᠦ᠂ ᠪᠠᠭᠤᠯᠭᠠᠬᠤ︔ | ︵ᠲᠤᠯᠤᠭ᠎ᠠ︶ ᠶᠠᠷᠢᠯᠴᠠᠬᠤ ᠬᠤᠷᠠᠯ ᠬᠤᠷᠠᠯᠳᠤᠭᠤᠯᠬᠤ︔ | ︵ᠨᠠᠢᠮᠠ︶ ᠬᠤᠯᠪᠣᠭᠳᠠᠯ ᠪᠦᠬᠦᠢ ᠬᠤᠷᠠᠯ ᠳᠤ ᠰᠤᠯᠠ ᠣᠷᠣᠯᠴᠠᠬᠤ︔ | ︵ᠶᠢᠰᠦ︶ ᠠᠷᠠᠳᠴᠢᠯᠠᠯ ᠢᠶᠠᠷ ᠰᠢᠯᠭᠠᠨ ᠦᠨᠡᠯᠡᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠭᠢᠭᠦ︔ | ︵ᠠᠷᠪᠠ︶ ᠳᠣᠷᠣᠭᠰᠢ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠬᠤ︔ | ︵ᠠᠷᠪᠠᠨ ᠨᠢᠭᠡ︶ ᠲᠤᠰᠬᠠᠢ ᠪᠠᠶᠢᠴᠠᠭᠠᠯᠲᠠ ᠥᠷᠨᠢᠭᠦᠯᠭᠦ︔ | ︵ᠠᠷᠪᠠᠨ ᠬᠤᠶᠠᠷ︶ ᠬᠤᠯᠪᠣᠭᠳᠠᠯ ᠪᠦᠬᠦᠢ ᠨᠢᠭᠡᠴᠢ ᠳᠤ ᠬᠠᠮᠵᠢᠯᠴᠠᠭᠤᠯᠬᠤ ᠪᠠᠷ ᠳᠤᠷᠠᠳᠤᠨ ᠳᠡᠪᠰᠢᠭᠦᠯᠭᠦ︔ | ︵ᠠᠷᠪᠠᠨ ᠭᠤᠷᠪᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ | ᠵᠥᠪᠰᠢᠶᠡᠷᠡᠭᠰᠡᠨ ᠪᠤᠰᠤᠳ ᠠᠷᠭ᠎ᠠ ᠭᠡᠯᠪᠡᠷᠢ᠃ | ᠬᠤᠷᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠵᠢᠭᠠᠪᠤᠷᠢ ᠠᠪᠴᠤ ᠮᠡᠳᠡᠭᠦᠯᠬᠦ ᠳᠦᠷᠢᠮ ᠢ | ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠳᠤᠮᠳᠠᠬᠢ ᠴᠢᠬᠤᠯᠠ ᠪᠠᠶᠢᠳᠠᠯ ᠪᠣᠯᠣᠨ ᠴᠢᠬᠤᠯᠠ ᠶᠡᠭᠡ | ᠠᠰᠠᠭᠤᠳᠠᠯ ᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ | ᠵᠢᠭᠠᠪᠤᠷᠢ ᠠᠪᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ | ᠲᠦᠰᠢᠭᠯᠡᠨ ᠠᠵᠢᠯ ᠢᠶᠠᠨ ᠥᠷᠨᠢᠭᠦᠯᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠡᠪ ᠤᠨ | ᠠᠵᠢᠯ ᠳᠤ ᠭᠠᠷ ᠲᠦᠷᠦᠭᠦ ᠦᠭᠡᠢ᠂ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢ | ᠭᠦᠢᠴᠡᠳᠬᠡᠬᠦ ᠦᠭᠡᠢ᠃ | ᠬᠤᠷᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠺᠠᠳ᠋ᠷ ᠤᠯᠠᠨ ᠲᠦᠮᠡᠨᠤ ᠲᠤᠰᠬᠠᠯ ᠴᠢᠩᠭ᠎ᠠ᠂ | ᠳᠦᠷᠦᠶᠢᠨ ᠪᠣᠳᠣᠯᠭ᠎ᠠᠶᠢᠨ ᠲᠣᠭᠲᠠᠭᠠᠯᠢ ᠢᠯᠡᠳᠲᠡ ᠵᠥᠷᠢᠴᠡᠭᠰᠡᠨ ᠪᠥᠭᠡᠳ ᠲᠣᠭᠤᠷᠢᠨ ᠪᠠᠶᠢᠴᠠᠭᠠᠭᠳᠠᠬᠤ ᠨᠠᠮᠤᠨ ᠵᠣᠬᠢᠶᠠᠨ | ᠪᠠᠶᠢᠭᠤᠯᠤᠯᠲᠠᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠵᠤ᠂ ᠴᠠᠭ ᠲᠤᠬᠠᠢ ᠳᠤᠨᠢ ᠰᠢᠢᠳᠪᠦᠷᠢᠯᠡᠵᠦ ᠳᠡᠶᠢᠯᠭᠦ | ᠠᠰᠠᠭᠤᠳᠠᠯ ᠢ ᠲᠣᠭᠤᠷᠢᠨ ᠪᠠᠶᠢᠴᠠᠭᠠᠬᠤ ᠳᠤᠭᠤᠶᠢᠯᠠᠩ ᠳᠡᠰ ᠳᠠᠷᠠᠭᠠᠯᠠᠯ ᠶᠣᠰᠣᠭᠠᠷ ᠲᠣᠭᠤᠷᠢᠨ ᠪᠠᠶᠢᠴᠠᠭᠠᠭᠳᠠᠬᠤ ᠨᠠᠮᠤᠨ | ᠵᠣᠬᠢᠶᠠᠨ ᠪᠠᠶᠢᠭᠤᠯᠤᠯᠲᠠᠶᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠵᠠᠯᠠᠷᠠᠭᠤᠯᠬᠤ ᠶᠢ ᠱᠠᠯᠠᠪᠳᠠᠭᠤᠯᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠯ ᠲᠥᠪᠯᠡᠷᠡᠭᠰᠡᠨ ᠨᠠᠮ ᠤᠨ ᠭᠡᠰᠢᠭᠦᠨ᠂ ᠺᠠᠳ᠋ᠷ ᠤᠨ ᠰᠠᠬᠢᠯᠭ᠎ᠠ ᠪᠠᠲᠤ | ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠲᠣᠭᠤᠷᠢᠨ ᠪᠠᠶᠢᠴᠠᠭᠠᠬᠤ ᠳᠤᠭᠤᠶᠢᠯᠠᠩ | ᠳᠡᠰ ᠳᠠᠷᠠᠭᠠᠯᠠᠯ ᠶᠣᠰᠣᠭᠠᠷ ᠬᠤᠯᠪᠣᠭᠳᠠᠯ ᠪᠦᠬᠦᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ | ᠰᠢᠯᠵᠢᠭᠦᠯᠦᠨ ᠲᠤᠰᠢᠶᠠᠵᠤ ᠴᠠᠭ ᠲᠤᠬᠠᠢ ᠳᠤᠨᠢ ᠰᠢᠢᠳᠪᠦᠷᠢᠯᠡᠭᠦᠯᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠣᠶᠢᠯᠠᠭᠠᠭᠰᠠᠨ ᠴᠢᠬᠤᠯᠠ ᠪᠠᠶᠢᠳᠠᠯ ᠪᠣᠯᠣᠨ | ᠠᠰᠠᠭᠤᠳᠠᠯ ᠳᠤ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠪᠦᠷᠢᠯᠳᠦᠭᠦᠯᠬᠦ ᠭᠡᠷᠡᠭᠲᠡᠢ︔ ᠨᠡᠶᠢᠳᠡᠮ ᠤᠨ ᠴᠢᠨᠠᠷᠲᠠᠢ᠂ | ᠬᠡᠯᠪᠡᠷᠢᠯ ᠤᠨ ᠴᠢᠨᠠᠷᠲᠠᠢ ᠠᠰᠠᠭᠤᠳᠠᠯ ᠪᠠ ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠳᠤ | ᠲᠤᠰᠬᠠᠢ ᠰᠡᠳᠦᠪᠲᠦ ᠮᠡᠳᠡᠭᠦᠯᠦᠯᠲᠡ ᠪᠦᠷᠢᠯᠳᠦᠭᠦᠯᠵᠦ ᠪᠣᠯᠣᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ᠂ ᠲᠤᠰᠬᠠᠢ ᠰᠡᠳᠦᠪᠲᠦ | ᠮᠡᠳᠡᠭᠦᠯᠦᠯᠲᠡ ᠵᠡᠷᠭᠡ ᠳᠤ ᠲᠤᠰᠬᠠᠭᠰᠠᠨ ᠠᠰᠠᠭᠤᠳᠠᠯ ᠳᠤ ᠡᠬᠡ ᠨᠣᠣᠷᠠᠭ ᠪᠢᠴᠢᠬᠦ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ | ᠠᠰᠠᠭᠤᠳᠠᠯ᠂ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠲᠣᠭᠲᠠᠭᠠᠯ ᠶᠣᠰᠣᠭᠠᠷ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠠᠢ ᠣᠯᠣᠯᠴᠠᠵᠤ᠂ ᠰᠠᠨᠠᠯ ᠢ ᠨᠢ | ᠰᠣᠨᠣᠰᠬᠤ ᠭᠡᠷᠡᠭᠲᠡᠢ︔ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ ᠲᠦᠷᠦ ᠶᠢᠨ | ᠪᠣᠳᠣᠯᠭ᠎ᠠ ᠶᠢᠨ ᠴᠢᠨᠠᠷᠲᠠᠢ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠲᠠᠢ | ᠣᠯᠣᠯᠴᠠᠵᠤ᠂ ᠰᠠᠨᠠᠯ ᠢ ᠨᠢ ᠰᠣᠨᠣᠰᠴᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠢ ᠳᠤᠨᠢ | ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠰᠠᠨᠠᠯ | ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠦᠨ | ᠲᠣᠭᠲᠠᠭᠠᠯᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠴᠠᠭ ᠲᠤᠬᠠᠢ ᠳᠤᠨᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ | ᠦᠷ᠎ᠡ ᠪᠦᠲᠦᠭᠡᠯ ᠢ ᠬᠡᠷᠡᠭᠯᠡᠬᠦ ᠵᠦᠢᠯ ᠢ ᠰᠤᠳᠤᠯᠤᠨ ᠲᠣᠭᠲᠠᠭᠠᠬᠤ ᠬᠡᠷᠡᠭᠲᠡᠢ᠃ ᠴᠢᠬᠤᠯᠠᠲᠠᠢ ᠦᠶ᠎ᠡ ᠳᠤ᠂ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠢᠭᠤᠳ ᠰᠣᠨᠣᠰᠴᠤ | ᠪᠣᠯᠣᠨ᠎ᠠ᠃ | ᠬᠤᠷᠢ ᠶᠢᠰᠦᠳᠦᠭᠡᠷ ᠵᠦᠢᠯ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠵᠥᠪᠰᠢᠶᠡᠷᠡᠭᠦᠯᠦᠭᠰᠡᠨ ᠤ | ᠲᠠᠷᠠᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠴᠠᠭ ᠲᠤᠬᠠᠢ ᠳᠤᠨᠢ ᠵᠣᠬᠢᠶᠠᠨ ᠪᠠᠶᠢᠭᠤᠯᠵᠤ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠭᠤᠣᠯ | ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠲᠤᠰ ᠲᠤᠰ ᠬᠠᠷᠢᠭᠤ ᠲᠤᠰᠬᠠᠵᠤ᠂ ᠠᠰᠠᠭᠤᠳᠠᠯ ᠢ ᠵᠢᠭᠠᠨ | ᠭᠠᠷᠭᠠᠵᠤ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠬᠡᠷᠡᠭᠲᠡᠢ᠃ | ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠣᠭᠤᠷᠢᠨ ᠪᠠᠶᠢᠴᠠᠭᠠᠭᠰᠠᠨ ᠬᠤᠯᠪᠣᠭᠳᠠᠯ ᠪᠦᠬᠦᠢ ᠪᠠᠶᠢᠳᠠᠯ ᠢ ᠬᠤᠯᠪᠣᠭᠳᠠᠯ ᠪᠦᠬᠦᠢ ᠡᠭᠦᠷᠭᠡ | ᠴᠢᠳᠠᠪᠬᠢᠲᠤ ᠰᠠᠯᠠᠭ᠎ᠠ ᠮᠥᠴᠢᠷ ᠵᠢᠴᠢ ᠲᠡᠭᠦᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤ ᠮᠡᠳᠡᠭᠳᠡᠨ᠎ᠡ᠃ | ᠭᠤᠴᠢᠳᠤᠭᠠᠷ ᠵᠦᠢᠯ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠠ ᠨᠠᠮ ᠤᠨ ᠭᠡᠰᠢᠭᠦᠨ᠂ ᠺᠠᠳ᠋ᠷ ᠤᠨ | ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ ᠪᠠᠶᠢᠴᠠᠭᠠᠬᠤ ᠳᠤᠭᠤᠶᠢᠯᠠᠩ | ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠪᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠦᠨᠳᠦᠰᠦᠯᠡᠨ᠂ ᠳᠡᠰ ᠳᠠᠷᠠᠭᠠᠯᠠᠯ ᠶᠣᠰᠣᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ ᠳᠤ ᠲᠤᠰ ᠲᠤᠰ ᠰᠢᠯᠵᠢᠭᠦᠯᠦᠨ ᠲᠤᠰᠢᠶᠠᠨ᠎ᠠ᠃ | ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠣᠯᠣᠨ | ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠳᠤ ᠲᠣᠭᠤᠷᠢᠨ ᠪᠠᠶᠢᠴᠠᠭᠠᠬᠤ ᠰᠠᠨᠠᠭᠤᠯᠭ᠎ᠠ ᠶᠢᠨ | ᠪᠢᠴᠢᠭ ᠪᠤᠶᠤ ᠪᠤᠰᠤᠳ ᠵᠣᠬᠢᠰᠲᠠᠢ ᠠᠷᠭ᠎ᠠ ᠭᠡᠯᠪᠡᠷᠢ ᠶᠢ ᠠᠪᠴᠤ᠂ ᠬᠤᠯᠪᠣᠭᠳᠠᠯ ᠪᠦᠬᠦᠢ ᠡᠭᠦᠷᠭᠡ ᠴᠢᠳᠠᠮᠵᠢᠲᠤ ᠰᠠᠯᠠᠭ᠎ᠠ | ᠮᠥᠴᠢᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠳᠦᠷᠢᠮ ᠢ ᠪᠦᠷᠢᠨᠰᠢᠭᠦᠯᠬᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃ | ᠭᠤᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ᠂ ᠬᠠᠷᠢᠭᠤ ᠲᠤᠰᠬᠠᠬᠤ᠂ ᠴᠡᠭᠴᠡᠯᠡᠨ | ᠰᠠᠶᠢᠵᠢᠷᠠᠭᠤᠯᠬᠤ ᠵᠡᠷᠭᠡ ᠪᠠᠶᠢᠳᠠᠯ ᠢ ᠵᠣᠬᠢᠰᠲᠠᠢ ᠠᠷᠭ᠎ᠠ ᠭᠡᠯᠪᠡᠷᠢ ᠪᠠᠷ ᠢᠯᠡ ᠪᠤᠯᠭᠠᠵᠤ᠂ ᠨᠠᠮ ᠤᠨ ᠭᠡᠰᠢᠭᠦᠨ᠂ ᠺᠠᠳ᠋ᠷ ᠪᠣᠯᠣᠨ | ᠠᠷᠠᠳ ᠤᠯᠠᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ | ᠲᠠᠪᠤᠳᠤᠭᠠᠷ ᠪᠦᠯᠦᠭ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ | ᠭᠤᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮᠤᠨ ᠵᠣᠬᠢᠶᠠᠨ | ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯᠢ ᠬᠡᠷᠡᠭᠯᠡᠬᠦ ᠠᠵᠢᠯᠢ ᠵᠣᠬᠢᠶᠠᠨ | ᠪᠠᠶᠢᠭᠤᠯᠵᠤ ᠤᠳᠤᠷᠢᠳᠬᠤᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ | ᠪᠦᠲᠦᠭᠡᠯᠢ ᠬᠡᠷᠡᠭᠯᠡᠭᠰᠡᠨ ᠪᠠᠶᠢᠳᠠᠯᠤᠨ ᠬᠠᠷᠢᠭᠤ ᠮᠡᠳᠡᠭᠦᠯᠦᠯᠲᠡᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠤᠰᠢᠶᠠᠯ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮᠤᠨ ᠵᠣᠬᠢᠶᠠᠨ ᠪᠠᠶᠢᠭᠤᠯᠤᠯᠲᠠ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠡᠭᠴᠡᠯᠡᠨ | ᠰᠠᠶᠢᠵᠢᠷᠠᠭᠤᠯᠬᠤᠶᠢ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠᠪᠠᠨ ᠭᠦᠢᠴᠡᠳᠬᠡᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠡᠳᠦᠷ ᠲᠤᠳᠤᠮᠤᠨ ᠠᠵᠢᠯ ᠳᠠᠭᠠᠨ ᠠᠭᠤᠰᠤᠯᠴᠠᠭᠤᠯᠵᠤ᠂ | ᠥᠭᠡᠷᠡᠴᠢᠯᠡᠯᠲᠡᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ | ᠠᠭᠤᠰᠤᠯᠴᠠᠭᠤᠯᠵᠤ᠂ ᠤᠳᠤᠷᠢᠳᠬᠤ ᠪᠠᠭ ᠪᠣᠯᠣᠨ ᠺᠠᠳ᠋ᠷᠤᠨ ᠡᠩᠨᠡᠭᠡᠨᠤ ᠪᠠᠶᠢᠭᠤᠯᠤᠯᠲᠠ ᠳᠤ ᠠᠭᠤᠰᠤᠯᠴᠠᠭᠤᠯᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠤᠳᠤᠷᠢᠳᠬᠤ ᠪᠠᠭ ᠤᠨ ᠪᠤᠰᠤᠳ | ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠤᠳᠤᠷᠢᠳᠬᠤ ᠪᠠᠭ ᠤᠨ ᠪᠤᠰᠤᠳ | ᠪᠦᠷᠢᠯᠳᠦᠭᠦᠨ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠵᠤᠯᠭᠠᠯᠴᠠᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠣᠯᠣᠭᠰᠠᠨ ᠡᠳᠦᠷ ᠠᠴᠠ ᠡᠬᠢᠯᠡᠨ᠂ 6 ᠰᠠᠷ᠎ᠠ ᠶᠢᠨ ᠬᠤᠭᠤᠴᠠᠭ᠎ᠠ ᠲᠠᠢ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠄ | ︵ᠨᠢᠭᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ᠂ | ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ | ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ ᠢ ᠲᠣᠳᠣᠷᠬᠠᠶᠢᠯᠠᠨ᠎ᠠ︔ | ︵ᠬᠤᠶᠠᠷ︶ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠨ᠎ᠠ︔ | ︵ᠭᠤᠷᠪᠠ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠰᠠᠶᠢᠲᠤᠷ ᠠᠳᠬᠤᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠵᠢᠴᠢ ᠣᠯᠠᠨ | ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠨᠠᠷᠢᠨ ᠬᠢᠨᠠᠮᠠᠭᠠᠢ ᠰᠢᠢᠳᠪᠦᠷᠢᠯᠡᠨ᠎ᠡ︔ | ︵ᠲᠠᠪᠤ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠨᠢᠭᠡ ᠠᠴᠠ ᠵᠦᠢᠴᠢᠯᠡᠨ ᠨᠥᠭᠦᠭᠡ ᠶᠢ | ᠮᠡᠳᠡᠵᠦ᠂ ᠳᠦᠷᠢᠮ ᠢ ᠪᠦᠷᠢᠨᠰᠢᠭᠦᠯᠵᠦ᠂ ᠳᠤᠲᠠᠭᠤᠳᠠᠯ ᠢ ᠨᠥᠬᠦᠪᠦᠷᠢᠯᠡᠨ᠂ ᠠᠯᠳᠠᠰᠢ ᠭᠠᠷᠬᠤ ᠶᠢ ᠬᠤᠷᠢᠬᠯᠠᠨ᠎ᠠ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠳᠠᠯᠢ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ | ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠲᠣᠭᠤᠷᠢᠨ ᠪᠠᠶᠢᠴᠠᠭᠠᠭᠳᠠᠬᠤ | ᠨᠠᠮ ᠤᠨ ᠵᠣᠬᠢᠶᠠᠨ ᠪᠠᠶᠢᠭᠤᠯᠤᠯᠲᠠ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ | ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠠᠬᠠᠨ ᠰᠢᠢᠳᠪᠦᠷᠢᠯᠡᠭᠡᠳᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ | ᠳᠠᠷᠠᠭᠠᠴᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠨᠢ ᠮᠡᠳᠡᠭᠦᠯᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠨᠠᠶᠢᠳᠠᠪᠤᠷᠢᠵᠢᠭᠤᠯᠬᠤ ᠳᠤ ᠪᠦᠭᠦ ᠲᠠᠯ᠎ᠠ ᠪᠠᠷ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ | ᠪᠣᠯ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠬᠠᠷᠭᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠨ᠎ᠠ︔ | ︵ᠬᠤᠶᠠᠷ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠡᠬᠡ ᠲᠠᠩᠰᠠ ᠪᠠᠶᠢᠭᠤᠯᠵᠤ᠂ | ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠬᠢᠭᠤᠯᠬᠤ ᠬᠤᠷᠠᠯ ᠬᠤᠷᠠᠯᠳᠤᠭᠤᠯᠬᠤ᠂ ᠲᠤᠰᠬᠠᠢ ᠰᠡᠳᠦᠪ ᠢᠶᠠᠷ ᠵᠥᠪᠳᠡᠯᠴᠡᠬᠦ᠂ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ᠂ ᠲᠤᠬᠠᠢ ᠶᠢᠨ ᠲᠠᠯᠠᠪᠠᠢ ᠳᠤ ᠪᠠᠶᠢᠴᠠᠭᠠᠯᠲᠠ ᠬᠢᠬᠦ᠂ ᠴᠡᠭᠴᠡᠯᠡᠨ | ᠰᠠᠶᠢᠵᠢᠷᠠᠭᠤᠯᠵᠤ ᠦᠨᠡᠯᠡᠨ ᠵᠢᠱᠢᠯᠲᠡ ᠥᠷᠨᠢᠭᠦᠯᠬᠦ᠂ ᠶᠠᠷᠢᠯᠴᠠᠨ ᠰᠠᠨᠠᠭᠤᠯᠬᠤ᠂ ᠪᠣᠯᠵᠣᠨ ᠶᠠᠷᠢᠯᠴᠠᠵᠤ ᠵᠠᠬᠢᠳᠠᠯ ᠢᠶᠠᠷ ᠠᠰᠠᠭᠤᠬᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ | ᠬᠡᠷᠡᠭᠯᠡᠵᠦ ᠡᠳᠦᠷ ᠲᠤᠲᠤᠮ ᠤᠨ ᠬᠢᠨᠠᠯᠲᠠ ᠪᠠᠨ ᠴᠢᠩᠭᠠᠳᠬᠠᠨ᠎ᠠ︔ | ︵ᠭᠤᠷᠪᠠ︶ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠶᠢᠨ | ᠲᠣᠪᠤᠶᠢᠮ᠎ᠠ ᠠᠰᠠᠭᠤᠳᠠᠯ ᠳᠤ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ ᠠᠵᠢᠯ ᠥᠷᠨᠢᠭᠦᠯᠬᠦ ᠶᠢ | ᠱᠠᠯᠠᠪᠳᠠᠭᠤᠯᠤᠨ ᠠᠭᠢᠭᠤᠯᠤᠨ᠎ᠠ︔ | ︵ᠳᠥᠷᠪᠡ︶ ᠲᠣᠭᠤᠷᠢᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠲᠣᠭᠲᠠᠭᠠᠯ | ᠰᠠᠬᠢᠯᠭ᠎ᠠ ᠬᠠᠤᠯᠢ ᠶᠣᠰᠣᠭᠠᠷ ᠰᠢᠢᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠣᠯᠣᠭᠰᠠᠨ | ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠬᠠᠷᠢᠭᠤ ᠲᠤᠰᠬᠠᠨ᠎ᠠ︔ | ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠬᠢᠨᠠᠨ ᠬᠠᠷᠭᠤᠭᠤᠯᠤᠨ᠎ᠠ︔ | ︵ᠵᠢᠷᠭᠤᠭ᠎ᠠ︶ ᠲᠣᠮᠢᠯᠠᠨ ᠰᠠᠭᠤᠯᠭᠠᠭᠰᠠᠨ ︵ᠲᠣᠮᠢᠯᠠᠭᠰᠠᠨ︶ ᠪᠠᠶᠢᠭᠤᠯᠤᠮᠵᠢ ᠪᠠ ᠳᠣᠣᠷᠠᠳᠤ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠵᠢᠯᠣᠭᠤᠳᠤᠨ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠬᠢᠨᠠᠯᠲᠠ ᠲᠠᠯᠪᠢᠬᠤ ᠶᠢ ᠴᠢᠩᠭᠠᠳᠬᠠᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠳᠠᠮᠵᠢᠭᠤᠯᠤᠨ | ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ ᠬᠢᠨᠠᠯᠲᠠ ᠲᠠᠯᠪᠢᠬᠤ ᠨᠢᠭᠡᠴᠢ | ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠶᠢ | ᠥᠷᠨᠢᠭᠦᠯᠦᠭᠡᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠡᠳᠦᠷ ᠲᠤᠳᠤᠮ ᠤᠨ | ᠬᠢᠨᠠᠯᠲᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠪᠠᠯ ᠵᠣᠬᠢᠨ᠎ᠠ᠃ | ᠭᠤᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠵᠦ᠂ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠳᠤ ᠣᠷᠣᠯᠴᠠᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠰᠤᠯᠠ ᠣᠷᠣᠯᠴᠠᠨ᠎ᠠ︔ | ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠵᠤ᠂ ᠡᠳᠦᠷ ᠳᠤᠳᠤᠮ ᠤᠨ ᠬᠢᠨᠠᠯᠲᠠ ᠶᠢ ᠴᠢᠩᠭᠠᠳᠬᠠᠵᠤ᠂ ᠲᠣᠪᠤᠶᠢᠮ᠎ᠠ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠣᠨ ᠤ | ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ | ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠳᠤᠷᠢᠳᠬᠤ ᠪᠠᠭ ᠤᠨ ᠪᠠᠶᠢᠭᠤᠯᠤᠯᠲᠠ | ᠪᠣᠯᠣᠨ ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ ᠶᠢᠨ | ᠴᠢᠬᠤᠯᠠ ᠯᠠᠪᠯᠠᠯᠲᠠ ᠪᠤᠯᠭᠠᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠤᠳᠤᠷᠢᠳᠬᠤ ᠪᠠᠭ ᠤᠨ ᠪᠠᠶᠢᠭᠤᠯᠤᠯᠲᠠ᠂ | ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠬᠦ᠂ ᠺᠠᠳ᠋ᠷ ᠢ ᠰᠣᠩᠭᠤᠨ ᠳᠡᠪᠰᠢᠭᠦᠯᠵᠦ ᠬᠡᠷᠡᠭᠯᠡᠬᠦ᠂ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ | ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠡᠷᠭᠡ | ᠲᠠᠯ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ ᠢ ᠣᠯᠣᠭᠰᠠᠨ | ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢ ᠬᠠᠷᠢᠭᠤ ᠲᠤᠰᠬᠠᠨ᠎ᠠ︔ | ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠳᠠᠬᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠤᠨ ᠲᠠᠯ᠎ᠠ ᠳᠤ ᠬᠤᠯᠪᠣᠭᠳᠠᠭᠰᠠᠨ ᠠᠭᠤᠯᠭ᠎ᠠ ᠶᠢ ᠬᠢᠨᠠᠨ ᠬᠠᠷᠭᠤᠭᠤᠯᠤᠨ᠎ᠠ︔ | ︵ᠵᠢᠷᠭᠤᠭ᠎ᠠ︶ ᠳᠣᠣᠷᠠᠳᠤ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠢ ᠵᠢᠭᠠᠨ ᠵᠢᠯᠤᠭᠤᠳᠴᠤ ᠪᠠᠶᠢᠭᠠᠳ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠳᠠᠮᠵᠢᠭᠤᠯᠤᠨ | ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ | ᠭᠤᠴᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠳ ᠲᠣᠭᠤᠷᠢᠨ | ᠪᠠᠶᠢᠴᠠᠭᠠᠭᠰᠠᠨ ᠦᠷ᠎ᠡ ᠪᠦᠲᠦᠭᠡᠯ ᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠡᠷᠡᠭᠯᠡᠵᠦ᠂ ᠲᠣᠭᠤᠷᠢᠨ | ᠪᠠᠶᠢᠴᠠᠭᠠᠵᠤ ᠵᠠᠷᠯᠠᠨ ᠮᠡᠳᠡᠭᠳᠡᠭᠰᠡᠨ ᠠᠰᠠᠭᠤᠳᠠᠯ ᠪᠠ ᠰᠢᠯᠵᠢᠭᠦᠯᠦᠨ ᠲᠤᠰᠢᠶᠠᠭᠰᠠᠨ ᠠᠵᠢᠯ ᠤᠨ ᠰᠠᠨᠠᠭᠤᠯᠭ᠎ᠠ ᠳᠤ | ᠴᠢᠭᠯᠡᠭᠦᠯᠦᠨ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ | ᠥᠭᠡᠷᠡᠴᠢᠯᠡᠯᠲᠡ ᠶᠢ ᠠᠬᠢᠭᠤᠯᠤᠨ᠂ ᠳᠦᠷᠢᠮ ᠢ ᠲᠡᠭᠦᠯᠳᠡᠷᠵᠢᠭᠦᠯᠵᠦ᠂ ᠵᠠᠰᠠᠯᠲᠠ ᠶᠢ ᠭᠦᠨᠵᠡᠭᠡᠶᠢᠷᠡᠭᠦᠯᠬᠦ ᠶᠢᠨ ᠵᠡᠷᠭᠡ ᠪᠠᠷ ᠵᠠᠷᠯᠠᠨ | ᠮᠡᠳᠡᠭᠳᠡᠭᠰᠡᠨ ᠪᠠ ᠰᠢᠯᠵᠢᠭᠦᠯᠦᠨ ᠲᠤᠰᠢᠶᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠬᠠᠷᠢᠭᠤ | ᠲᠤᠰᠬᠠᠨ᠎ᠠ᠃ | ᠭᠤᠴᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠨᠢ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ ᠪᠠᠨ | ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠵᠥᠪᠳᠡᠯᠴᠡᠬᠦ᠂ ᠦᠨᠡᠯᠡᠨ ᠵᠢᠱᠢᠬᠦ᠂ | ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ | ᠲᠣᠭᠤᠷᠢᠨ ᠪᠠᠶᠢᠴᠠᠭᠠᠬᠤ ᠪᠠᠶᠢᠭᠤᠯᠤᠮᠵᠢ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠶᠡᠷᠦᠩᠬᠡᠶᠢᠯᠡᠭᠰᠡᠨ ᠪᠠᠶᠢᠳᠠᠯ ᠢᠶᠠᠨ | ᠮᠡᠳᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ ᠪᠠᠶᠢᠭ᠎ᠠ ᠲᠣᠪᠤᠶᠢᠮ᠎ᠠ ᠠᠰᠠᠭᠤᠳᠠᠯ ᠢ ᠬᠤᠯᠪᠣᠭᠳᠠᠯ | ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠪᠠ | ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠠᠬᠢᠭᠤᠯᠪᠠᠯ ᠵᠣᠬᠢᠨ᠎ᠠ᠃ | ᠵᠢᠷᠭᠤᠳᠤᠭᠠᠷ ᠪᠦᠯᠦᠭ ᠡᠩᠨᠡᠭᠡᠨ ᠤ ᠪᠠᠶᠢᠭᠤᠯᠤᠯᠲᠠ | ᠭᠤᠴᠢ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠬᠠᠢ ᠪᠦᠬᠦᠯᠢ ᠴᠣᠭᠴᠠ ᠶᠢᠨ | ᠲᠥᠯᠦᠪᠵᠢᠭᠦᠯᠭᠡ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠣᠨᠴᠠᠯᠢᠭ ᠲᠠᠢ ᠤᠶᠠᠯᠳᠤᠭᠤᠯᠤᠨ ᠳᠦᠷᠢᠮ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠺᠠᠳ᠋ᠷ ᠤᠨ | ᠡᠩᠨᠡᠭᠡ ᠶᠢ ᠪᠠᠶᠢᠭᠤᠯᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢ ᠰᠢᠯᠢᠳᠡᠭ ᠢ ᠨᠢ | ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠲᠣᠭᠤᠷᠢᠨ ᠪᠠᠶᠢᠴᠠᠭᠠᠬᠤ ᠡᠭᠦᠷᠭᠡ ᠲᠠᠢ ᠵᠣᠬᠢᠴᠠᠭᠰᠠᠨ ᠲᠤᠰᠬᠠᠢ ᠲᠤᠰᠢᠶᠠᠯᠲᠤ | ᠺᠠᠳ᠋ᠷ ᠢ ᠲᠣᠬᠢᠷᠠᠭᠤᠯᠵᠤ᠂ ᠬᠠᠷᠠᠭᠠᠯᠵᠠᠬᠤ ᠴᠢᠨᠠᠷᠲᠠᠢ ᠲᠣᠬᠢᠷᠠᠭᠤᠯᠤᠯᠲᠠ ᠶᠢ ᠰᠡᠷᠭᠡᠶᠢᠯᠡᠨ᠎ᠡ᠃ ᠲᠣᠭᠤᠷᠢᠨ ᠪᠠᠶᠢᠴᠠᠭᠠᠬᠤ ᠺᠠᠳ᠋ᠷ ᠢ | ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠬᠥᠮᠥᠵᠢᠭᠦᠯᠦᠨ ᠪᠤᠯᠪᠠᠰᠤᠷᠠᠭᠤᠯᠬᠤ᠂ ᠠᠵᠢᠯ ᠤᠨ ᠪᠠᠶᠢᠷᠢ ᠡᠭᠡᠯᠵᠢᠯᠡᠭᠦᠯᠦᠨ | ᠰᠣᠯᠢᠯᠴᠠᠬᠤ ᠡᠷᠴᠢᠮ ᠢ ᠴᠢᠩᠭᠠᠷᠠᠭᠤᠯᠤᠨ᠎ᠠ᠃ | ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠺᠠᠳ᠋ᠷ ᠢ ᠢᠯᠡᠷᠡᠭᠦᠯᠬᠦ᠂ ᠬᠥᠮᠥᠵᠢᠭᠦᠯᠬᠦ᠂ ᠳᠠᠪᠲᠠᠨ | ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠰᠢᠯᠢᠳᠡᠭ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠢ | ᠲᠥᠯᠥᠪᠯᠡᠭᠡ ᠲᠠᠢ ᠪᠠᠷ ᠲᠣᠬᠢᠷᠠᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠣᠴᠢᠭᠤᠯᠵᠤ ᠳᠠᠪᠲᠠᠨ | ᠪᠤᠯᠪᠠᠰᠤᠷᠠᠭᠤᠯᠬᠤ ᠶᠢᠨ ᠵᠡᠷᠭᠡ ᠪᠠᠷ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠬᠰᠠᠨ ᠥᠩᠭᠡᠷᠡᠯᠲᠡ ᠪᠠ ᠢᠯᠡᠷᠡᠯ ᠢ | ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ ᠶᠢᠨ ᠯᠠᠪᠯᠠᠯᠲᠠ ᠪᠣᠯᠭᠠᠨ᠎ᠠ᠃ | ᠳᠥᠴᠢᠳᠦᠭᠡᠷ ᠵᠦᠢᠯ ᠲᠣᠭᠤᠷᠢᠨ ᠪᠠᠶᠢᠴᠠᠭᠠᠬᠤ ᠺᠠᠳ᠋ᠷ ᠳᠣᠣᠷᠠᠬᠢ ᠨᠥᠬᠦᠴᠡᠯ ᠤᠳ ᠢ ᠪᠦᠷᠢᠯᠳᠦᠭᠦᠯᠪᠡᠯ ᠵᠣᠬᠢᠨ᠎ᠠ᠄ | ︵ᠨᠢᠭᠡ︶ ᠬᠦᠰᠡᠯᠡᠩ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ ᠤᠬᠠᠮᠰᠠᠷ ᠠᠴᠠ ᠪᠠᠨ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠭᠡᠷᠡᠭᠲᠡᠢ︔ | ︵ᠬᠤᠶᠠᠷ︶ ᠵᠠᠷᠴᠢᠮ ᠢ ᠪᠠᠷᠢᠮᠲᠠᠯᠠᠨ᠂ ᠵᠣᠷᠢᠭᠲᠠᠢ ᠪᠠᠷ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠬᠠᠤᠯᠢ ᠶᠣᠰᠣᠭᠠᠷ ᠠᠵᠢᠯᠯᠠᠵᠤ᠂ ᠲᠥᠪ ᠭᠤᠣᠯᠴᠢ᠂ ᠠᠷᠢᠭᠤᠨ ᠴᠢᠬᠡᠴᠢ ᠪᠠᠶᠢᠬᠤ ᠭᠡᠷᠡᠭᠲᠡᠶ︔ | ︵ᠭᠤᠷᠪᠠ︶ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠱᠢᠶᠡᠴᠢ ᠪᠠᠷ | ᠵᠢᠷᠤᠮᠯᠠᠨ ᠰᠠᠬᠢᠵᠤ᠂ ᠨᠠᠮ ᠪᠠ ᠤᠯᠤᠰ ᠤᠨ ᠨᠢᠭᠤᠴᠠ ᠶᠢ ᠴᠢᠩᠭ᠎ᠠ ᠬᠠᠮᠠᠭᠠᠯᠠᠬᠤ ᠭᠡᠷᠡᠭᠳᠠᠢ︔ | ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠤᠰᠬᠠᠢ | ᠮᠡᠷᠭᠡᠵᠢᠯ ᠤᠨ ᠮᠡᠳᠡᠯᠭᠡ ᠪᠠ ᠨᠡᠯᠢᠶᠡᠳ ᠴᠢᠩᠭ᠎ᠠ ᠠᠰᠠᠭᠤᠳᠠᠯ ᠢ ᠢᠯᠡᠷᠡᠭᠦᠯᠬᠦ᠂ ᠣᠯᠣᠯᠴᠠᠨ ᠵᠣᠬᠢᠴᠠᠭᠤᠯᠬᠤ᠂ ᠦᠰᠦᠭ | ᠪᠢᠴᠢᠭ ᠤᠨ ᠶᠡᠷᠦᠩᠬᠡᠶᠢᠯᠡᠭᠰᠡᠨ ᠵᠡᠷᠭᠡ ᠴᠢᠳᠠᠪᠤᠷᠢ ᠲᠠᠢ ᠪᠠᠶᠢᠬᠤ ᠭᠡᠷᠡᠭᠳᠠᠢ︔ | ︵ᠲᠠᠪᠤ︶ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠪᠠ | ᠰᠡᠳᠬᠢᠴᠡ ᠶᠢᠨ ᠬᠡᠪ ᠪᠣᠯᠪᠠᠰᠤᠷᠠᠯ ᠲᠠᠢ ᠪᠠᠶᠢᠬᠤ ᠬᠡᠷᠡᠭᠲᠡᠢ᠃ | ᠠᠵᠢᠯᠲᠠᠨ ᠢ ᠰᠣᠩᠭᠤᠵᠤ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠭᠤᠯᠬᠤ ᠳᠠᠭᠠᠨ ᠳᠡᠭᠡᠷ᠎ᠡ ᠳᠤᠷᠠᠳᠤᠭᠰᠠᠨ | ᠨᠥᠬᠦᠴᠡᠯ ᠤᠨ ᠶᠣᠰᠣᠭᠠᠷ ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ᠂ | ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠠᠳᠬᠤᠵᠤ᠂ ᠵᠢᠷᠤᠮ ᠶᠣᠰᠣᠭᠠᠷ ᠨᠠᠮ ᠤᠨ | ᠰᠤᠷᠲᠠᠯ ᠴᠢᠬᠡᠴᠢ ᠵᠠᠰᠠᠭ ᠤᠨ ᠲᠤᠬᠠᠢ ᠰᠠᠨᠠᠯ ᠬᠤᠷᠢᠶᠠᠪᠠᠯ ᠵᠣᠬᠢᠨ᠎ᠠ᠃ | ᠲᠣᠭᠤᠷᠢᠨ ᠪᠠᠶᠢᠴᠠᠭᠠᠬᠤ ᠠᠵᠢᠯ ᠢ ᠬᠢᠬᠦ ᠳᠤ ᠲᠣᠬᠢᠷᠠᠬᠤ ᠦᠭᠡᠢ ᠬᠥᠮᠥᠰ ᠲᠤ ᠴᠠᠭ ᠲᠤᠬᠠᠢ ᠳᠤᠨᠢ ᠲᠣᠬᠢᠷᠠᠭᠤᠯᠤᠯᠲᠠ | ᠬᠢᠪᠡᠯ ᠵᠣᠬᠢᠨ᠎ᠠ᠃ | ᠳᠥᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠰᠤᠷᠲᠠᠯ ᠤᠨ ᠪᠠᠶᠢᠭᠤᠯᠤᠯᠲᠠ ᠪᠠ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠺᠠᠳ᠋ᠷᠴᠤᠳ ᠤᠨ ᠤᠯᠤᠰ ᠲᠦᠷᠦ ᠶᠢᠨ ᠰᠠᠬᠢᠯᠭ᠎ᠠ | ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠬᠤ ᠶᠢ ᠱᠠᠯᠠᠪᠳᠠᠭᠤᠯᠵᠤ᠂ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠲᠦᠷᠦᠭᠦᠯᠡᠨ ᠡᠰᠡᠷᠭᠦᠴᠡᠵᠦ᠂ ᠲᠣᠭᠤᠷᠢᠨ | ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠴᠢᠳᠠᠮᠠᠭᠠᠢ ᠪᠠᠷ ᠲᠡᠮᠡᠴᠡᠬᠦ ᠶᠢ ᠪᠡᠶᠡᠯᠡᠭᠦᠯᠦᠨ᠎ᠡ᠃ | ᠳᠥᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ ᠪᠠᠶᠢᠴᠠᠭᠠᠬᠤ ᠺᠠᠳ᠋ᠷᠴᠤᠳ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠤᠯᠠᠨ ᠲᠦᠮᠡᠨ ᠤ ᠬᠢᠨᠠᠯᠲᠠ ᠵᠡᠷᠭᠡ ᠡᠯ᠎ᠡ | ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷ ᠪᠡᠶ᠎ᠡ ᠶᠢᠨ ᠬᠢᠨᠠᠯᠲᠠ ᠲᠠᠯᠪᠢᠬᠤ ᠶᠢ ᠲᠦᠷᠦᠭᠦᠯᠡᠨ | ᠴᠢᠩᠭᠠᠳᠬᠠᠪᠠᠯ ᠵᠣᠬᠢᠨ᠎ᠠ᠃ ᠳᠣᠲᠣᠭᠠᠳᠤ ᠡᠵᠡᠮᠳᠡᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠤᠷᠢᠨ | ᠪᠠᠶᠢᠴᠠᠭᠠᠬᠤ ᠺᠠᠳ᠋ᠷ ᠢᠯᠠᠩᠭᠤᠶ᠎ᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠵᠡᠷᠭᠡ | ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠥᠰ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠶᠢᠯᠠᠬᠤ᠂ ᠨᠢᠭᠤᠴᠠ ᠶᠢ | ᠬᠠᠮᠠᠭᠠᠯᠠᠬᠤ᠂ ᠴᠢᠬᠤᠯᠠ ᠶᠡᠭᠡ ᠵᠦᠢᠯᠡᠰ ᠲᠤ ᠵᠢᠭᠠᠪᠤᠷᠢ ᠠᠪᠴᠤ ᠮᠡᠳᠡᠭᠦᠯᠬᠦ᠂ ᠣᠪᠣᠷ ᠰᠤᠷᠲᠠᠯ ᠰᠠᠬᠢᠯᠭ᠎ᠠ ᠪᠠᠲᠤ ᠶᠢ ᠦᠨᠡᠯᠡᠨ | ᠵᠢᠱᠢᠬᠦ ᠵᠡᠷᠭᠡ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠳᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠥᠷᠨᠢᠭᠦᠯᠦᠨ᠎ᠡ᠃ | ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ ᠪᠠᠶᠢᠴᠠᠭᠠᠬᠤ | ᠺᠠᠳ᠋ᠷ ᠤᠨ ᠳᠦᠷᠢᠮ ᠲᠣᠭᠲᠠᠭᠠᠯ ᠠᠴᠠ ᠵᠥᠷᠢᠴᠡᠭᠰᠡᠨ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠢᠯᠡᠴᠢᠯᠡᠨ ᠵᠠᠭᠠᠯᠳᠤᠬᠤ ᠡᠷᠬᠡ ᠲᠠᠢ᠃ | ᠳᠣᠯᠣᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠳᠥᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ | ᠠᠵᠢᠯ ᠢ ᠰᠠᠶᠢᠲᠤᠷ ᠤᠳᠤᠷᠢᠳᠤᠭᠰᠠᠨ ᠦᠭᠡᠢ ᠠᠴᠠ ᠪᠣᠯᠵᠤ᠂ ᠬᠦᠨᠳᠦ ᠨᠣᠴᠢᠲᠠᠢ ᠠᠰᠠᠭᠤᠳᠠᠯ ᠭᠠᠷᠤᠭᠰᠠᠨ ᠪᠠᠶᠢᠪᠠᠯ᠂ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠤᠨ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ᠳᠥᠴᠢᠨ ᠳᠥᠷᠪᠡᠳᠦᠭᠡᠷ ᠵᠦᠢᠯ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠪᠣᠯᠣᠨ ᠨᠢᠭᠡᠴᠢ ᠲᠣᠭᠲᠠᠭᠠᠯ ᠢ | ᠵᠥᠷᠢᠴᠡᠨ ᠲᠣᠭᠤᠷᠢᠨ ᠪᠠᠶᠢᠴᠠᠭᠠᠬᠤ ᠠᠵᠢᠯ ᠢ ᠬᠠᠮᠵᠢᠨ ᠳᠡᠮᠵᠢᠭᠰᠡᠨ ᠦᠭᠡᠢ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ | ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠤᠨ | ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠳᠥᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯᠲᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ | ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ | ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ︔ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠣᠯᠵᠤ ᠮᠡᠳᠡᠪᠡᠯ ᠵᠣᠬᠢᠬᠤ ᠴᠢᠬᠤᠯᠠ ᠠᠰᠠᠭᠤᠳᠠᠯ ᠢ ᠣᠯᠵᠤ ᠮᠡᠳᠡᠭᠰᠡᠨ ᠦᠭᠡᠢ︔ | ︵ᠬᠤᠶᠠᠷ︶ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠦᠭᠡᠢ᠂ ᠪᠣᠳᠠᠲᠤ ᠬᠡᠷᠡᠭ ᠢ | ᠨᠢᠭᠤᠨ ᠳᠠᠯᠳᠠᠯᠠᠵᠤ᠂ ᠭᠠᠵᠢᠭᠤᠳᠠᠭᠤᠯᠵᠤ᠂ ᠬᠤᠳᠠᠯ ᠢᠶᠠᠷ ᠵᠣᠭᠢᠶᠠᠬᠤ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠦᠯᠡᠳᠡᠭᠡᠨ ᠬᠠᠳᠠᠭᠠᠯᠠᠵᠤ᠂ | ᠲᠣᠭᠤᠷᠢᠨ ᠪᠠᠶᠢᠴᠠᠭᠠᠬᠤ ᠠᠵᠢᠯ ᠲᠠᠢ ᠬᠤᠯᠪᠣᠭᠳᠠᠬᠤ ᠤᠯᠤᠰ ᠤᠨ ᠨᠢᠭᠤᠴᠠ᠂ ᠠᠵᠢᠯ ᠤᠨ ᠨᠢᠭᠤᠴᠠ᠂ ᠬᠤᠳᠠᠯᠳᠤᠭᠠᠨ ᠤ | ᠨᠢᠭᠤᠴᠠ ᠪᠠ ᠬᠤᠪᠢ ᠬᠥᠮᠥᠨ ᠤ ᠨᠢᠭᠤᠴᠠ ᠵᠡᠷᠭᠡ ᠨᠡᠶᠢᠲᠡᠯᠡᠭᠡᠳᠦᠢ ᠮᠡᠳᠡᠭᠡ ᠵᠠᠩᠭᠢ ᠶᠢ ᠵᠠᠳᠠᠷᠠᠭᠤᠯᠬᠤ︔ | ︵ᠳᠥᠷᠪᠡ︶ ᠠᠵᠢᠯ ᠤᠨ ᠳᠤᠮᠳᠠ ᠪᠠᠨ ᠡᠷᠬᠡ ᠶᠢᠨ ᠬᠡᠪᠴᠢᠶᠡᠨ ᠠᠴᠠ ᠪᠠᠨ ᠳᠠᠪᠠᠭᠠᠳ ᠮᠠᠭᠤ ᠦᠷ᠎ᠡ ᠳ᠋ᠦᠩ ᠭᠠᠷᠭᠠᠬᠤ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠲᠦᠭᠦᠮ ᠢᠶᠠᠨ ᠠᠰᠢᠭᠯᠠᠨ ᠬᠤᠪᠢ ᠶᠢᠨ ᠠᠰᠢᠭ ᠣᠯᠬᠤ ᠪᠤᠶᠤ ᠪᠤᠰᠤᠳ | ᠬᠥᠮᠥᠨ ᠳᠤ ᠵᠦᠢ ᠪᠤᠰᠤ ᠠᠰᠢᠭ ᠣᠯᠭᠤᠬᠤ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠠᠵᠢᠯᠯᠠᠭ᠎ᠠ᠃ | ᠳᠥᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ | ᠠᠵᠢᠯᠲᠠᠳ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠤᠰ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ | ᠭᠤᠣᠯ ᠬᠠᠷᠢᠭᠤᠴᠠᠯᠭᠠᠲᠠᠨ ᠪᠤᠶᠤ ᠪᠤᠰᠤᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠰᠢᠭᠦᠮᠵᠢᠯᠡᠨ ᠰᠤᠷᠭᠠᠬᠤ᠂ | ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ | ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠨᠢᠭᠤᠨ ᠳᠠᠯᠳᠠᠯᠠᠵᠤ ᠮᠡᠳᠡᠭᠦᠯᠬᠦ ᠦᠭᠡᠢ ᠪᠤᠶᠤ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠳᠠᠯ ᠬᠠᠭᠤᠷᠮᠠᠭ | ᠪᠠᠶᠢᠳᠠᠯ ᠢ ᠬᠠᠨᠭ᠍ᠭᠠᠬᠤ︔ | ︵ᠬᠤᠶᠠᠷ︶ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠠᠩᠭᠠᠬᠤ ᠶᠢ | ᠲᠡᠪᠴᠢᠬᠦ ᠪᠤᠶᠤ ᠱᠠᠭᠠᠷᠳᠠᠯᠭ᠎ᠠ ᠶᠣᠰᠣᠭᠠᠷ ᠬᠠᠩᠭᠠᠬᠤ ᠦᠭᠡᠢ︔ | ︵ᠭᠤᠷᠪᠠ︶ ᠬᠤᠯᠪᠣᠭᠳᠠᠯ ᠪᠦᠬᠦᠢ ᠨᠢᠭᠡᠴᠢ ᠪᠤᠶᠤ ᠬᠥᠮᠥᠰ ᠢ ᠵᠢᠭᠠᠨ ᠳᠣᠬᠢᠵᠤ᠂ ᠠᠯᠪᠠᠳᠠᠨ ᠵᠠᠷᠯᠢᠭᠳᠠᠵᠤ ᠪᠠᠶᠢᠭᠠᠳ | ᠲᠣᠭᠤᠷᠢᠨ ᠪᠠᠶᠢᠴᠠᠭᠠᠬᠤ ᠠᠵᠢᠯ ᠳᠤ ᠭᠠᠷ ᠲᠦᠷᠦᠭᠦ᠂ ᠬᠠᠷᠰᠢᠯᠠᠬᠤ ᠪᠤᠶᠤ ᠪᠤᠰᠤᠳ ᠢ ᠭᠦᠳᠬᠡᠨ ᠵᠠᠭᠠᠯᠳᠤᠵᠤ᠂ ᠬᠤᠣᠷᠯᠠᠬᠤ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠵᠤ ᠤᠳᠤᠷᠢᠳᠤᠭᠰᠠᠨ ᠨᠢ | ᠬᠦᠴᠦᠨ ᠦᠭᠡᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ | ᠭᠦᠢᠴᠡᠳ ᠦᠭᠡᠢ᠂ ᠬᠠᠰᠢ ᠶᠠᠰᠢ ᠪᠠᠷ ᠠᠷᠭᠠᠴᠠᠭᠠᠵᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ︔ | ︵ᠲᠠᠪᠤ︶ ᠠᠰᠠᠭᠤᠳᠠᠯ ᠢ ᠲᠤᠰᠬᠠᠭᠰᠠᠨ ᠺᠠᠳ᠋ᠷ ᠤᠯᠠᠨ ᠲᠦᠮᠡᠨ ᠢ ᠰᠦᠷᠳᠡᠭᠦᠯᠵᠦ᠂ ᠴᠣᠬᠢᠯᠲᠠ ᠥᠭᠴᠦ᠂ ᠥᠰᠢᠶ᠎ᠡ ᠠᠪᠴᠤ᠂ | ᠬᠤᠣᠷᠯᠠᠬᠤ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠦᠭᠡᠢ ᠪᠤᠶᠤ ᠬᠠᠷᠰᠢᠯᠠᠭᠰᠠᠨ ᠪᠤᠰᠤᠳ ᠪᠠᠶᠢᠳᠠᠯ᠃ | ᠨᠠᠢᠮᠠᠳᠤᠭᠠᠷ ᠪᠦᠯᠦᠭ ᠴᠠᠭᠳᠠᠨ ᠪᠠᠶᠢᠴᠠᠭᠠᠬᠤ ᠠᠵᠢᠯ | ᠳᠥᠴᠢᠨ ᠳᠣᠯᠣᠳᠤᠭᠠᠷ ᠵᠦᠢᠯ ᠨᠠᠮ ᠤᠨ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠪᠣᠯᠣᠨ ᠰᠢᠶᠠᠨ ︵ᠬᠤᠳᠠ᠂ | ᠲᠣᠭᠤᠷᠢᠭ᠂ ᠬᠤᠰᠢᠭᠤ︶ ᠤ ᠬᠤᠷᠢᠶ᠎ᠠ ᠴᠠᠭᠳᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠴᠠᠭᠳᠠᠨ ᠪᠠᠶᠢᠴᠠᠭᠠᠬᠤ ᠪᠠᠶᠢᠭᠤᠯᠤᠮᠵᠢ | ᠪᠠᠶᠢᠭᠤᠯᠵᠤ᠂ ᠨᠢᠭᠡ ᠲᠤᠰᠢᠶᠠᠯ ᠤᠨ ᠬᠤᠭᠤᠴᠠᠭᠠᠨ ᠳᠤ ᠬᠠᠮᠢᠶᠠᠷᠴᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ | ᠴᠠᠭᠳᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠨᠢ ᠴᠠᠭᠳᠠᠨ ᠪᠠᠶᠢᠴᠠᠭᠠᠬᠤ ᠠᠵᠢᠯ ᠥᠷᠨᠢᠭᠦᠯᠬᠦ ᠴᠢᠬᠤᠯᠠᠲᠠᠢ ᠪᠠᠶᠢᠪᠠᠯ᠂ | ᠳᠡᠭᠡᠳᠦ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠢᠶᠠᠷ ᠳᠠᠮᠵᠢᠭᠤᠯᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ | ᠮᠡᠳᠡᠭᠦᠯᠵᠦ ᠵᠥᠪᠰᠢᠶᠡᠷᠡᠭᠦᠯᠪᠡᠯ ᠵᠣᠬᠢᠨ᠎ᠠ᠃ | ᠳᠥᠴᠢᠨ ᠨᠠᠢᠮᠠᠳᠤᠭᠠᠷ ᠵᠦᠢᠯ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠨᠠᠮ ᠤᠨ ᠬᠤᠷᠢᠶ᠎ᠠ ᠶᠢᠨ ᠴᠠᠭᠳᠠᠨ | ᠪᠠᠶᠢᠴᠠᠭᠠᠭᠳᠠᠬᠤ ᠡᠲᠡᠭᠡᠳ ᠪᠣᠯ᠄ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ | ᠬᠤᠳᠠ ᠶᠢᠨ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠬᠠᠮᠢᠶᠠᠷᠴᠤ ᠪᠠᠶᠢᠭ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠵᠢᠴᠢ | ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠶᠢ ᠱᠠᠭᠠᠷᠳᠠᠭᠰᠠᠨ ᠨᠠᠮ ᠤᠨ ᠪᠤᠰᠤᠳ ᠵᠣᠬᠢᠶᠠᠨ ᠪᠠᠶᠢᠭᠤᠯᠤᠯᠲᠠ ᠪᠣᠯᠣᠨ᠎ᠠ᠃ | ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠭᠳᠠᠬᠤ ᠡᠲᠡᠭᠡᠳ ᠪᠣᠯ᠄ | ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ ᠰᠢᠶᠠᠨ ᠤ ᠱᠠᠲᠤᠨ ᠤ ᠲᠥᠷᠥ ᠶᠢᠨ | ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ | ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠬᠠᠷᠢᠶ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ | ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠬᠤᠷᠢᠶ᠎ᠠ ᠠᠴᠠ ᠴᠠᠭᠳᠠᠨ | ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠪᠣᠯᠣᠨ᠎ᠠ᠃ | ᠳᠥᠴᠢ ᠶᠢᠰᠦᠳᠦᠭᠡᠷ ᠵᠦᠢᠯ ᠴᠠᠭᠳᠠᠨ ᠪᠠᠶᠢᠴᠠᠭᠠᠬᠤ ᠠᠵᠢᠯ ᠨᠢ ᠤᠯᠤᠰ ᠲᠦᠷᠦ ᠶᠢᠨ ᠬᠢᠨᠠᠯᠲᠠ ᠶᠢᠨ ᠪᠠᠶᠢᠷᠢ | ᠲᠣᠭᠲᠠᠭᠠᠯᠲᠠ ᠶᠢ ᠪᠠᠲᠤ ᠰᠠᠬᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ | ᠡᠩᠨᠡᠭᠡ ᠶᠢᠨ ᠪᠠᠶᠢᠭᠤᠯᠤᠯᠲᠠ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ | ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠪᠠᠯ ᠵᠣᠬᠢᠨ᠎ᠠ᠃ | ᠲᠠᠪᠢᠳᠤᠭᠠᠷ ᠵᠦᠢᠯ ᠴᠠᠭᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠤᠯᠤᠮᠵᠢ ᠶᠢᠨ | ᠲᠤᠰᠢᠶᠠᠯ ᠬᠠᠷᠢᠭᠤᠴᠠᠯᠭ᠎ᠠ᠂ ᠠᠵᠢᠯ ᠤᠨ ᠲᠡᠰ ᠳᠠᠷᠠᠭᠠᠯᠠᠯ ᠪᠠ ᠠᠷᠭ᠎ᠠ ᠭᠡᠯᠪᠡᠷᠢ ᠶᠢᠨ ᠡᠷᠬᠡ ᠶᠢᠨ ᠬᠡᠪᠴᠢᠶ᠎ᠡ᠂ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ᠂ ᠡᠩᠨᠡᠭᠡ ᠶᠢᠨ ᠪᠠᠶᠢᠭᠤᠯᠤᠯᠲᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ | ᠲᠤᠰ ᠳᠦᠷᠢᠮ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠲᠣᠭᠲᠠᠭᠠᠯ ᠢᠶᠠᠷ ᠯᠠᠪᠯᠠᠯᠲᠠ ᠪᠤᠯᠭᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠨ ᠨᠢᠭᠡᠳᠦᠭᠡᠷ ᠵᠦᠢᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯᠣᠨ ᠳᠤᠮᠳᠠᠳᠤ ᠤᠯᠤᠰ ᠤᠨ | ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠨᠬᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ | ᠪᠠᠶᠢᠴᠠᠭᠠᠬᠤ ᠳᠦᠷᠢᠮ ᠢ ᠬᠡᠷᠡᠭᠵᠢᠭᠦᠯᠬᠦ ᠲᠤᠬᠠᠢ ᠲᠣᠭᠲᠠᠭᠠᠯ ᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ | ᠳᠦᠷᠢᠮ ᠢᠶᠠᠷ ᠯᠠᠪᠯᠠᠯᠲᠠ ᠪᠤᠯᠭᠠᠵᠤ ᠲᠣᠭᠲᠠᠭᠠᠨ᠎ᠠ᠃ | ᠲᠠᠪᠢᠨ ᠬᠤᠶᠠᠳᠤᠭᠠᠷ ᠵᠦᠢᠯ ᠲᠤᠰ ᠳᠦᠷᠢᠮ ᠢ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠲᠠᠪᠢᠨ ᠭᠤᠷᠪᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠠᠴᠠ | ᠡᠮᠦᠨ᠎ᠡ ᠨᠡᠶᠢᠲᠡᠯᠡᠭᠰᠡᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠪᠤᠰᠤᠳ ᠲᠣᠭᠲᠠᠭᠠᠯ ᠳᠤ᠂ ᠲᠤᠰ ᠳᠦᠷᠢᠮ ᠲᠠᠢ | ᠨᠢᠭᠡᠳᠦᠯ ᠦᠭᠡᠢ ᠪᠠᠶᠢᠪᠠᠯ ᠲᠤᠰ ᠳᠦᠷᠢᠮ ᠤᠨ ᠶᠣᠰᠣᠭᠠᠷ ᠬᠡᠷᠡᠭᠵᠢᠭᠦᠯᠦᠨ᠎ᠡ᠃ |