ᠬᠤᠲᠠ ᠶᠢᠨ ᠨᠠᠮ ᠤᠨ ᠬᠤᠷᠢᠶᠠᠨ ᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/2/5
     2 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠡᠩᠬᠡᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠴᠠᠩ ᠠᠨ ᠬᠤᠷᠠᠯ ᠳᠤ ᠣᠷᠣᠯᠴᠠᠪᠠ᠃ ᠬᠤᠲᠠ  ᠶᠢᠨ ᠳᠡᠳ᠋ ᠳᠠᠷᠤᠭ᠎ᠠ ᠵᠠᠩ ᠮᠢᠩ ᠮᠢᠩ ᠬᠤᠷᠠᠯ ᠡᠷᠭᠢᠯᠡᠪᠡ᠃      ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠷᠪᠠᠨ ᠲᠤᠭᠤᠷᠢᠭ ᠤᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠠᠪᠤᠨ ᠲᠤᠷᠰᠢᠯᠭ᠎ᠠ︾ ᠶᠢ ᠪᠠᠷᠢᠮᠲᠠᠯᠠᠵᠤ᠂ ︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠡᠮᠳᠡᠭ ᠢ ᠡᠭᠦᠳᠬᠦ᠂ ᠦᠵᠦᠮ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠲᠡᠰ ᠳᠡᠪᠰᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠮᠠᠨ ᠤ ᠬᠤᠳᠠ ᠶᠢᠨ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢ ᠲᠠᠶᠢᠴᠢᠯᠠᠨ ᠪᠡᠶᠡᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠦᠯᠦ ᠶᠠᠳᠠᠭᠤᠷᠠᠬᠤ ᠬᠤᠶᠠᠷ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠠᠵᠢᠯ ᠢᠶᠠᠨ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠦᠭᠡᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ᠂ ᠠᠵᠢᠯᠲᠠᠨ᠂ ᠰᠤᠷᠲᠠᠯ ᠤᠨ ᠪᠠᠲᠤᠯᠠᠭ᠎ᠠ ᠪᠠᠨ ᠴᠢᠩᠭᠠᠳᠬᠠᠵᠤ᠂ ᠮᠠᠨ ᠤ ᠬᠤᠲᠠ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map