ᠼᠦᠢ ᠵᠢᠩ ᠶᠢᠩ ᠭᠠᠯ ᠰᠡᠷᠭᠡᠶᠢᠯᠡᠬᠦ ᠠᠮᠤᠷ ᠲᠦᠪᠰᠢᠨ ᠪᠣᠯᠣᠨ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠳᠤ ᠨᠢᠭᠤᠴᠠ ᠪᠠᠷ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2024/2/5
     2 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ︽ᠲᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠠᠶᠢᠷᠤᠪ ᠤᠨ ᠲᠣᠬᠤᠢ ᠲᠣᠭᠤᠷᠢᠭ ᠲᠤ ︽ᠶᠢᠰᠦᠨ ᠵᠢᠵᠢᠭ ᠲᠠᠯᠠᠪᠤᠷ︾᠂ ᠬᠥᠮᠥᠨ ᠤᠯᠠᠨ ᠴᠤᠭᠯᠠᠷᠠᠭᠰᠠᠨ ᠲᠠᠯᠠᠪᠤᠷ ᠢ ᠲᠣᠬᠢᠶᠠᠯᠳᠤᠯ ᠢᠶᠠᠷ ᠰᠣᠩᠭᠤᠵᠣ᠂ ᠭᠠᠯ ᠤᠨᠲᠠᠷᠠᠭᠠᠬᠤ ᠠᠮᠤᠷ ᠲᠦᠪᠰᠢᠨ ᠪᠣᠯᠣᠨ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠳᠤ ᠨᠢᠭᠤᠴᠠ ᠪᠠᠷ ᠪᠠᠶᠢᠴᠠᠭᠠᠯᠳᠠ ᠬᠢᠪᠡ᠃      ᠮᠢᠩ ᠵᠦ ᠪᠦᠷᠢᠨ ᠪᠠᠷᠠᠭᠠᠲᠤ ᠳᠡᠯᠭᠡᠭᠦᠷ ᠲᠤ᠂ ᠼᠦᠢ ᠵᠢᠩ ᠶᠢᠩ ᠲᠤᠬᠠᠢ ᠶᠢᠨ ᠭᠠᠵᠠᠷ ᠲᠤᠨᠢ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠬᠠᠮᠠᠭᠠᠯᠠᠯᠲᠠ᠂ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠬᠡᠷᠡᠭᠰᠡᠯ ᠢ ᠵᠢᠷᠤᠮᠵᠢᠯ ᠲᠠᠢ ᠬᠡᠷᠡᠭᠯᠡᠭᠰᠡᠨ ᠵᠡᠷᠭᠡ ᠪᠠᠶᠢᠳᠠᠯ ᠢ ᠨᠢ ᠪᠠᠶᠢᠴᠠᠭᠠᠨ ᠦᠵᠡᠪᠡ᠃ ᠭᠠᠯ ᠤᠨᠲᠠᠷᠠᠭᠠᠬᠤ ᠲᠥᠬᠦᠭᠡᠷᠦᠮᠵᠢ ᠬᠠᠯᠬᠠᠯᠠᠭᠳᠠᠭᠰᠠᠨ᠂ ᠠᠮᠤᠷ ᠲᠦᠪᠰᠢᠨ ᠤ ᠢᠯᠡᠳᠬᠡᠮᠵᠢ ᠲᠡᠮᠳᠡᠭ ᠨᠢ ᠵᠢᠷᠤᠮᠵᠢᠯ ᠦᠭᠡᠢ ᠢᠯᠡ ᠬᠠᠷᠠᠭᠳᠠᠬᠤ ᠦᠭᠡᠢ ᠵᠡᠷᠭᠡ ᠣᠯᠵᠣ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠲᠡᠷᠡ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠠᠷᠤᠶᠢᠬᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠬᠤᠳᠠᠯᠳᠤᠭᠠᠨ ᠤ ᠲᠠᠯᠠᠪᠤᠷ ᠤᠨ ᠬᠠᠷᠢᠭᠤᠴᠠᠯᠭᠠᠲᠠᠨ ᠳᠤ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠦᠨᠳᠦ ᠶᠡᠭᠡ ᠭᠠᠯ ᠠᠯᠳᠠᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠥᠮᠥᠨ ᠤ ᠠᠮᠢ ᠨᠠᠰᠤᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠠᠬᠢᠪᠠ᠃      ᠮᠢᠩ ᠵᠦ ᠵᠣᠴᠢᠳ ᠤᠨ ᠪᠠᠭᠤᠳᠠᠯ᠂ ᠰᠢᠨᠬᠤᠸᠠ ᠶᠠᠪᠠᠭᠠᠨ ᠵᠡᠭᠡᠯᠢ ᠳᠤ᠂ ᠼᠦᠢ ᠵᠢᠩ ᠶᠢᠩ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠠᠰᠠᠭᠤᠵᠤ᠂ ᠣᠶᠢᠷ᠎ᠠ ᠶᠢᠨ ᠬᠤᠭᠤᠴᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠣᠯᠣᠨ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠵᠤ᠂ ᠭᠠᠯ ᠤᠨᠲᠠᠷᠠᠭᠠᠬᠤ ᠡᠵᠡᠮᠳᠡᠯ ᠤᠨ ᠦᠷᠦᠭᠡ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠳ᠋ᠧᠩ᠂ ᠵᠣᠴᠢᠳ ᠤᠨ ᠪᠠᠭᠤᠳᠠᠯ ᠤᠨ ᠵᠣᠴᠢᠨ ᠤ ᠦᠷᠦᠭᠡ᠂ ᠠᠮᠤᠷ ᠲᠦᠪᠰᠢᠨ ᠤ ᠨᠡᠪᠲᠡᠷᠡᠬᠦ ᠵᠠᠮ ᠢ ᠨᠢᠭᠡᠳ ᠨᠢᠭᠡ ᠪᠠᠷ ᠪᠠᠶᠢᠴᠠᠭᠠᠪᠠ᠃ ᠲᠡᠷᠡ ᠬᠡᠯᠡᠭᠰᠡᠨ ᠨᠢ᠂ ᠡᠯ᠎ᠡ ᠲᠣᠭᠤᠷᠢᠭ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠶᠢᠰᠦᠨ ᠵᠢᠵᠢᠭ ᠲᠠᠯᠠᠪᠤᠷ︾᠂ ᠣᠯᠠᠨ ᠡᠵᠡᠩᠨᠡᠯᠲᠡ ᠶᠢᠨ ᠬᠡᠯᠪᠡᠷᠢ ᠶᠢᠨ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ᠂ ᠬᠥᠮᠥᠨ ᠣᠯᠠᠨ ᠴᠤᠭᠯᠠᠷᠠᠬᠤ ᠲᠠᠯᠠᠪᠤᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠦᠨ᠂ ᠲᠣᠣᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠳᠡᠢ᠃ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠭᠠᠯ ᠤᠨᠲᠠᠷᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠮᠣᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠣᠯᠣᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠬᠤ ᠪᠠ ᠲᠡᠭᠡᠭᠡᠪᠦᠷᠢᠯᠡᠨ ᠪᠣᠷᠣᠯᠠᠭᠤᠯᠬᠤ ᠶᠢ ᠵᠣᠬᠢᠴᠠᠭᠤᠯᠬᠤ ᠪᠠᠨ ᠴᠢᠩᠭᠠᠳᠬᠠᠵᠤ᠂ ︽ᠬᠦᠨᠡᠰᠦᠨ ᠤ ᠤᠭᠤᠲᠠ︾ ︽ᠨᠣᠭᠤᠭ᠎ᠠ ᠶᠢᠨ ᠰᠠᠭᠰᠤ︾ ︽ᠵᠢᠮᠢᠰ ᠤᠨ ᠲᠠᠪᠠᠭ︾ ᠤᠨ ᠬᠠᠩᠭᠠᠯᠭ᠎ᠠ ᠭᠦᠢᠴᠡᠳ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map