ᠬᠠᠶᠢᠷᠤᠪ ᠤᠨ ᠲᠣᠬᠤᠢ ᠲᠣᠭᠤᠷᠢᠭ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠬᠠᠤᠯᠢ ᠲᠦᠭᠡᠮᠡᠯᠵᠢᠭᠦᠯᠬᠦ ᠦᠷᠲᠡᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/22
     3 ᠰᠠᠷ᠎ᠠ ᠶᠢᠨ 20 ᠤ ᠡᠳᠦᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠬᠠᠤᠯᠢ ᠳᠦᠷᠢᠮ ᠢᠶᠠᠷ ᠠᠶᠠᠯᠠᠯ ᠬᠠᠮᠠᠭᠠᠯᠠᠵᠤ ᠡᠳᠦᠷ ᠤᠨ ᠬᠦᠴᠦ ᠶᠠᠪᠤᠭᠴᠢ ᠳᠤ ᠠᠰᠢᠭ ᠬᠦᠷᠲᠡᠭᠡᠬᠦ︾ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ ᠥᠷᠯᠥᠭᠡ ᠶᠢᠨ ᠵᠠᠬ᠎ᠠ ᠳᠡᠯᠭᠡᠭᠦᠷ ᠵᠢᠴᠢ ᠬᠠᠤᠯᠢ ᠲᠦᠭᠡᠮᠡᠯᠵᠢᠭᠦᠯᠬᠦ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠬᠠᠶᠢᠷᠤᠪ ᠤᠨ ᠲᠣᠬᠤᠢ ᠲᠣᠭᠤᠷᠢᠭ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠠᠶᠢᠷᠤᠪ ᠤᠨ ᠲᠣᠬᠤᠢ ᠲᠣᠭᠤᠷᠢᠭ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠬᠠᠤᠯᠢ ᠲᠦᠭᠡᠮᠡᠯᠵᠢᠭᠦᠯᠬᠦ ᠦᠷᠳᠡᠭᠡ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠤᠭᠰᠠᠨ ᠪᠥᠭᠡᠳ 3 ᠠᠵᠢᠯᠲᠠᠨ ᠳᠤ ︽ᠬᠠᠤᠯᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ︾ ᠶᠢᠨ ᠤᠷᠢᠯᠭ᠎ᠠ ᠶᠢᠨ ᠪᠢᠴᠢᠭ ᠭᠠᠷᠳᠠᠭᠤᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ᠂ ᠱᠠᠩᠨᠠᠯ ᠲᠠᠢ ᠥᠷᠢᠰᠦᠯᠳᠦᠨ ᠲᠠᠭᠠᠮᠠᠭᠯᠠᠬᠤ ᠵᠡᠷᠭᠡ ᠠᠷᠭ᠎ᠠ ᠮᠠᠶ᠋ᠢᠭ ᠢᠶᠠᠷ ᠬᠥᠯᠥᠰᠦᠨ ᠠᠵᠢᠯᠴᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠬᠥᠳᠡᠯᠮᠦᠷᠢ ᠬᠦᠴᠦᠨ ᠢ ᠬᠡᠷᠡᠭᠯᠡᠬᠦ ᠬᠠᠮᠢᠶᠠᠷᠤᠯᠲᠠ᠂ ᠡᠷᠬᠡ ᠠᠰᠢᠭ ᠢ ᠬᠠᠮᠠᠭᠠᠯᠠᠬᠤ ᠵᠡᠷᠭᠡ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠵᠢᠴᠢ ᠬᠡᠷᠡᠭ ᠭᠦᠢᠴᠡᠳᠬᠡᠬᠦ ᠶᠠᠪᠤᠴᠠ ᠶᠢ ᠤᠬᠠᠭᠤᠯᠤᠨ ᠲᠦᠭᠡᠮᠡᠯᠵᠢᠭᠦᠯᠵᠦ᠂ ᠥᠷᠭᠡᠨ ᠣᠯᠠᠨ ᠡᠳᠦᠷ ᠤᠨ ᠬᠦᠴᠦ ᠶᠠᠪᠤᠭᠰᠠᠳ ᠲᠤ ᠦᠬᠠᠢ ᠶᠢᠨ ᠬᠠᠤᠯᠢᠵᠢᠯ ᠤᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠠᠮᠲᠤ ᠪᠠᠷ ᠬᠦᠴᠦᠨ ᠴᠢᠳᠠᠯ ᠢᠶᠠᠨ ᠡᠷᠬᠦᠬᠦ ᠶᠢ ᠵᠤᠷᠢᠭᠵᠢᠭᠤᠯᠪᠠ᠃      ᠲᠣᠰ ᠬᠠᠤᠯᠢ ᠲᠦᠭᠡᠮᠡᠯᠵᠢᠭᠦᠯᠬᠦ ᠥᠷᠲᠡᠭᠡ ᠪᠣᠯ ᠮᠠᠨ ᠤ ᠬᠤᠲᠠ ᠶᠢᠨ ᠪᠠᠶᠢᠭᠤᠯᠤᠭᠰᠠᠨ ᠬᠤᠶᠠᠳᠠᠭᠢ ᠬᠠᠤᠯᠢ ᠲᠦᠭᠡᠮᠡᠯᠵᠢᠭᠦᠯᠬᠦ ᠥᠷᠲᠡᠭᠡ ᠪᠣᠯᠣᠨ᠎ᠠ᠂ ᠡᠭᠦᠨ ᠤ ᠵᠣᠷᠢᠯᠭ᠎ᠠ ᠨᠢ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠷ ᠤᠨ ᠬᠦᠴᠦ ᠶᠠᠪᠤᠭᠰᠠᠳ ᠤᠨ ᠬᠠᠤᠯᠢ ᠴᠠᠭᠠᠵᠠ ᠶᠢᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠪᠠ ᠲᠡᠭᠦᠨ ᠢ ᠰᠢᠢᠳᠪᠦᠷᠢᠯᠡᠵᠦ᠂ ᠲᠡᠳᠡᠨ ᠳᠤ ᠬᠠᠯᠠᠭᠤᠨ ᠳᠤᠯᠠᠭᠠᠨ ︽ᠬᠠᠤᠯᠢᠵᠢᠯ ᠤᠨ ᠭᠡᠷ ᠪᠦᠯᠢ︾ ᠣᠯᠭᠤᠬᠤ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map