ᠤᠳᠠ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ 5 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠪᠤᠢ
ᠨᠡᠶᠢᠲᠡᠯᠡᠭᠰᠡᠨ ᠴᠠᠭ᠄
2024/4/24
     ᠮᠠᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ— ᠤᠳᠠ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠶᠠᠭ ᠲᠦᠷᠭᠡᠪᠴᠢᠯᠡᠨ ᠪᠠᠶᠢᠭᠤᠯᠵᠤ ᠪᠠᠶᠢᠨ᠎ᠠ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠪᠠᠷᠢᠵᠤ ᠳᠠᠭᠤᠰᠬᠠᠨ᠎ᠠ᠃      ᠤᠳᠠ ᠲᠣᠭᠤᠷᠢᠭ ᠤᠨ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠨᠢ ᠤᠳᠠ ᠲᠣᠭᠤᠷᠢᠭ ᠤᠨ ᠹᠦ᠋ ᠴᠢᠶᠠᠩ ᠵᠠᠮ ᠠᠴᠠ ᠵᠡᠭᠦᠨᠰᠢ᠂ ᠠᠨ ᠵᠢᠦᠢ ᠶᠡᠭᠡ ᠵᠡᠭᠡᠯᠢ ᠠᠴᠠ ᠡᠮᠦᠨᠡᠰᠢ᠂ ᠮᠢᠨ ᠳ᠋ᠡ ᠵᠡᠭᠡᠯᠢ ᠠᠴᠠ ᠤᠮᠠᠷᠠᠰᠢᠬᠢ ᠭᠠᠵᠠᠷ ᠲᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 6000 ᠲᠦᠮᠡᠨ ᠲᠥᠭᠦᠷᠢᠭ ᠲᠤ ᠬᠦᠷᠴᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ ᠶᠡᠷᠦᠩᠬᠡᠶᠢᠯᠡᠭᠰᠡᠨ ᠬᠤᠳᠠᠯᠳᠤᠭᠠᠨ ᠤ ᠠᠰᠠᠷ ︵ᠬᠤᠳᠠᠯᠳᠤᠭᠠᠨ ᠤ ᠫᠦᠰᠡ 23 ᠲᠠᠰᠣᠯᠭ᠎ᠠ᠂ ᠨᠡᠶᠢᠲᠡ ᠶᠢᠨ ᠪᠠᠶᠢᠷᠢ 75 ᠲᠠᠰᠣᠯᠭ᠎ᠠ ᠪᠠᠭᠲᠠᠨ᠎ᠠ︶ ᠪᠣᠯᠣᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠭᠤᠣᠯ ᠲᠢᠩᠬᠢᠮ ︵ᠳᠡᠯᠭᠡᠭᠡ ᠮᠠᠶᠢᠮᠠᠢ 126 ᠬᠡᠰᠡᠭ᠂ ᠰᠢᠯ ᠥᠷᠥᠭᠡ 32 ᠲᠠᠰᠣᠯᠭ᠎ᠠ᠂ ᠭᠠᠳᠠᠭᠤᠷᠬᠢ ᠬᠤᠳᠠᠯᠳᠤᠭᠠᠨ ᠤ ᠫᠦᠰᠡ 48 ᠲᠠᠰᠣᠯᠭ᠎ᠠ ᠪᠠᠭᠲᠠᠨ᠎ᠠ︶ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠤᠯᠤᠨ᠎ᠠ᠃ ᠲᠣᠰ ᠲᠥᠷᠥᠯ ᠵᠦᠢᠯ ᠪᠣᠯ ᠤᠳᠠ ᠲᠣᠭᠤᠷᠢᠭ ᠤᠨ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠢᠶᠠᠯᠠᠪᠤᠷᠢ ᠶᠢᠨ ᠨᠢᠭᠡ ᠪᠣᠯᠣᠨ᠎ᠠ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠡᠷᠬᠢᠨ ᠲᠣᠭᠤᠷᠢᠨ ᠤ 7 ᠨᠡᠶᠢᠭᠡᠮ ᠲᠣᠭᠤᠷᠢᠭ᠂ 3 ᠲᠦᠮᠡ ᠰᠢᠬᠠᠮ ᠰᠠᠭᠤᠭᠠᠯᠢ ᠠᠷᠠᠳ ᠲᠤ ᠦᠢᠯᠡᠴᠢᠯᠡᠵᠦ᠂ 1000 ᠭᠠᠷᠤᠢ ᠠᠵᠢᠯ ᠤᠨ ᠪᠠᠶᠢᠷᠢ ᠬᠠᠩᠭᠠᠬᠤ ᠪᠣᠯᠣᠨ᠎ᠠ᠃      ᠰᠤᠷᠪᠤᠯᠵᠢᠯᠠᠭᠴᠢ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠲᠤᠰ ᠲᠤᠰ ᠤᠨ ᠣᠨᠴᠠᠯᠢᠭ ᠲᠠᠢ ᠬᠤᠶᠠᠷ ᠪᠠᠷᠢᠯᠭ᠎ᠠ ᠰᠦᠨᠳᠡᠷᠯᠡᠨ ᠪᠣᠰᠴᠤ᠂ ᠠᠵᠢᠯᠴᠢᠳ ᠡᠮᠬᠢ ᠳᠢᠭᠯᠢᠮ ᠲᠠᠢ ᠪᠠᠷ ᠶᠠᠭᠠᠷᠠᠯᠳᠤᠵᠤ ᠪᠠᠶᠢᠬᠤ ᠶᠢ ᠣᠯᠵᠤ ᠬᠠᠷᠠᠵᠠᠢ᠃      ︽ᠣᠳᠣᠬᠠᠨ ᠳᠤ ᠶᠡᠷᠦᠩᠬᠡᠶᠢᠯᠡᠭᠰᠡᠨ ᠬᠤᠳᠠᠯᠳᠤᠭᠠᠨ ᠤ ᠠᠰᠠᠷ ᠤᠨ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ ᠴᠢᠮᠡᠭᠯᠡᠯ ᠪᠣᠯᠣᠨ ᠭᠠᠳᠠᠷ ᠲᠠᠯ᠎ᠠ ᠶᠢᠨ ᠬᠤᠭᠤᠯᠠᠢ ᠶᠢᠨ ᠲᠣᠣᠷ ᠢ ᠵᠠᠯᠭᠠᠵᠤ ᠪᠠᠶᠢᠨ᠎ᠠ᠂ ᠭᠠᠳᠠᠷ ᠲᠠᠯ᠎ᠠ ᠶᠢᠨ ᠵᠠᠰᠠᠯ ᠴᠢᠮᠡᠭᠯᠡᠯ ᠢ 4 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠵᠢᠱᠢᠵᠦ ᠪᠠᠶᠢᠨ᠎ᠠ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠤᠨ ᠳᠣᠲᠣᠷ᠎ᠠ ᠭᠠᠳᠠᠷ ᠲᠠᠯ᠎ᠠ ᠶᠢᠨ ᠵᠠᠰᠠᠯ ᠴᠢᠮᠡᠭᠯᠡᠯ ᠢ ᠪᠦᠬᠦᠨ ᠢᠶᠠᠷ ᠨᠢ ᠳᠠᠭᠤᠰᠬᠠᠵᠤ᠂ ᠭᠠᠳᠠᠷ ᠲᠠᠯ᠎ᠠ ᠶᠢᠨ ᠬᠤᠭᠤᠯᠠᠢ ᠶᠢᠨ ᠲᠣᠣᠷ ᠢ ᠵᠠᠯᠭᠠᠵᠤ ᠣᠷᠣᠭᠤᠯᠬᠤ ᠠᠵᠢᠯ ᠢ 70% ᠪᠠᠷ ᠪᠡᠶᠡᠯᠡᠭᠦᠯᠵᠡᠢ᠃  ᠪᠢᠳᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠢ ᠪᠦᠬᠦᠯᠢ ᠴᠣᠭᠴᠠ ᠪᠠᠷ ᠨᠢ ᠳᠠᠭᠤᠰᠬᠠᠵᠤ᠂ 6 ᠰᠠᠷ᠎ᠠ ᠶᠢᠨ ᠰᠡᠭᠦᠯᠴᠢ ᠪᠠᠷ ᠭᠡᠷ ᠪᠠᠶᠢᠰᠢᠩ ᠢᠶᠠᠨ ᠲᠤᠰᠢᠶᠠᠵᠤ ᠰᠢᠯᠭᠠᠨ ᠠᠪᠬᠤ ᠶᠢᠨ ᠬᠠᠮᠲᠤ ᠬᠤᠳᠠᠯᠳᠤᠭᠠᠴᠢᠨ ᠤᠷᠢᠬᠤ ᠪᠠ ᠥᠮᠴᠢᠲᠡᠨ ᠳᠤ ᠭᠡᠷ ᠪᠠᠶᠢᠰᠢᠩ ᠲᠤᠰᠢᠶᠠᠬᠤ ᠭᠠᠷᠳᠠᠮ ᠭᠦᠢᠴᠡᠳᠬᠡᠬᠦ᠂ ᠭᠠᠳᠠᠷ ᠲᠠᠯ᠎ᠠ ᠶᠢ ᠨᠣᠭᠤᠭᠠᠷᠠᠭᠤᠯᠤᠨ ᠬᠠᠲᠠᠭᠤᠷᠠᠭᠤᠯᠬᠤ ᠵᠡᠷᠭᠡ ᠠᠵᠢᠯ ᠢ ᠥᠷᠨᠢᠭᠦᠯᠵᠦ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠡᠷᠲᠡᠬᠡᠨ ᠠᠰᠢᠭ ᠬᠦᠷᠲᠡᠭᠡᠨ᠎ᠡ︾ ᠭᠡᠵᠦ ᠤᠳᠠ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠵᠠᠩ ᠸᠧᠨ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map