2024 ᠣᠨ ᠤ 4 ᠰᠠᠷ᠎ᠠ ᠶᠢᠨ 3 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/4/7
     ᠼᠦᠢ ᠵᠢᠩ ᠶᠢᠩ᠄ ︽ᠬᠤᠲᠠ ᠶᠢᠨ ᠳᠠᠷᠤᠭ᠎ᠠ ᠶᠢᠨ ᠬᠦᠯᠢᠶᠡᠨ ᠠᠪᠬᠤ ᠡᠳᠦᠷ︾ ᠤᠨ ᠬᠤᠯᠪᠣᠭᠳᠠᠯ ᠪᠦᠬᠦᠢ ᠠᠵᠤ ᠠᠬᠤᠶᠢᠯᠠᠯ ᠢ ᠡᠷᠭᠢᠵᠦ ᠰᠤᠷᠪᠤᠯᠵᠢᠯᠠᠪᠠ᠃      ᠭᠧᠩ ᠬᠠᠢ ᠵᠢᠶᠦ᠋ᠨ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠳᠤ ᠲᠣᠬᠢᠷᠠᠭᠤᠯᠤᠯᠳᠠ ᠬᠢᠪᠡ᠃      ᠭᠦᠸᠧ ᠢ ᠵᠢᠶᠧ᠄ ᠬᠤᠯᠪᠣᠭᠳᠠᠯ ᠪᠦᠬᠦᠢ ᠤᠳᠤᠷᠢᠳᠤᠯᠭ᠎ᠠ ᠳᠤ ᠪᠠᠷ᠎ᠠ ᠪᠣᠯᠵᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠵᠦ᠂ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠢ ᠲᠣᠬᠢᠷᠠᠭᠤᠯᠤᠨ ᠠᠬᠢᠭᠤᠯᠪᠡ᠃      ᠸᠠᠩ ᠵᠢᠢ ᠫᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠲᠤᠬᠠᠢ ᠰᠣᠳᠣᠯᠪᠠ᠃      ᠵᠠᠩ ᠮᠢᠩ ᠮᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠲᠤᠬᠠᠢ ᠰᠣᠳᠣᠯᠪᠠ᠃      ᠭᠤᠸ ᠪᠥᠸᠧ᠄ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠲᠧᠯᠸᠢᠰ ᠣᠳᠠᠰᠣᠳᠣ ᠬᠤᠷᠠᠯ ᠳᠤ ᠣᠷᠣᠯᠴᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠡ᠃      ᠵᠠᠩ ᠸᠧᠢ᠄ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map