ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/15
     5 ᠰᠠᠷ᠎ᠠ ᠶᠢᠨ 14 ᠤ ᠡᠳᠦᠷ᠂ ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠤᠳᠤᠷᠢᠳᠤᠯᠭ᠎ᠠ ᠸᠠᠩ ᠵᠢᠶ ᠫᠢᠩ᠂ ᠵᠠᠩ ᠮᠢᠩ ᠮᠢᠩ᠂ ᠵᠠᠩ ᠸᠧᠶ ᠣᠷᠣᠯᠴᠠᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠪᠣᠯ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠨ ᠤ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠪᠣᠳᠠᠲᠠᠢ ᠠᠵᠢᠯᠯᠠᠵᠤ ᠪᠣᠭᠤᠮᠲᠠ ᠰᠢᠪᠲᠤᠯᠵᠤ᠂ ᠬᠤᠷᠳᠤᠴᠠ ᠦᠷ᠎ᠡ ᠠᠰᠢᠭ ᠶᠠᠰᠤ ᠴᠢᠨᠠᠷ ᠢᠶᠠᠨ ᠲᠡᠭᠡᠭᠰᠢᠯᠡᠬᠦᠯᠦᠨ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠴᠢᠩᠭ᠎ᠠ ᠪᠣᠳᠠᠲᠠᠢ ᠠᠳᠬᠤᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠢᠳᠡᠪᠬᠢᠲᠡᠢ ᠪᠠᠷ ᠳᠡᠭᠡᠳᠦ ᠱᠠᠲᠤᠨ ᠠᠴᠠ ᠲᠦᠷᠦ ᠶᠢᠨ ᠪᠤᠳᠤᠯᠭ᠎ᠠ ᠪᠡᠯᠡ ᠮᠥᠩᠭᠦ ᠶᠢᠨ ᠳᠡᠮᠵᠢᠯᠭᠡ ᠣᠯᠵᠤ᠂ ᠨᠡᠩ ᠤᠯᠠᠨ ᠲᠤᠷᠰᠢᠯᠲᠠ ᠶᠢᠨ ᠲᠠᠪᠴᠠᠩ ᠢ ᠦᠬᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠴᠢᠩᠭ᠎ᠠ ᠪᠦᠭᠡᠳ ᠪᠣᠳᠠᠲᠠᠶ ᠠᠳᠬᠤᠵᠤ᠂ ᠨᠠᠩ ᠶᠡᠭᠡ ᠡᠷᠴᠢᠮ ᠢᠶᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠠᠬᠢᠭᠤᠯᠵᠤ᠂ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠦᠨᠡᠨ ᠬᠦ ︽ᠰᠥᠨᠥᠭᠡᠬᠦ ᠳᠠᠶᠢᠯᠠᠯᠳᠤᠭᠠᠨ︾ ᠪᠣᠯᠭᠠᠵᠤ᠂ ᠵᠢᠯ ᠤᠨ ᠳᠣᠲᠣᠷ᠎ᠠ ᠪᠦᠬᠦᠨ ᠢ ᠵᠠᠰᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ︽ᠠᠯᠠᠱᠠ ᠶᠢᠨ ᠴᠠᠬᠢᠯᠭᠠᠨ ᠢ ᠦᠬᠠᠢ ᠳᠤ ᠣᠷᠣᠭᠤᠯᠬᠤ︾ ᠲᠥᠷᠥᠯ ᠵᠦᠢᠯ ᠢ ᠰᠠᠶᠢᠲᠤᠷ ᠠᠳᠬᠤᠵᠤ᠂ ᠨᠡᠮᠡᠭᠳᠡᠯ ᠲᠠᠭᠠᠭᠠᠴᠠ ᠪᠣᠬᠢᠷᠲᠤᠯ ᠦᠭᠡᠢ ᠴᠠᠬᠢᠯᠭᠠᠨ ᠤ ᠲᠤᠬᠢᠷᠠᠭᠤᠯᠤᠯᠳᠠ᠂ ᠬᠠᠳᠠᠭᠠᠯᠠᠯᠳᠠ ᠶᠢᠨ ᠬᠡᠮᠵᠢᠶ᠎ᠡ ᠲᠠᠭᠠᠭᠠᠴᠠ ᠪᠣᠬᠢᠷᠲᠤᠯ ᠦᠭᠡᠢ ᠴᠠᠬᠢᠯᠭᠠᠨ ᠤ ᠣᠷᠣᠯᠠᠭᠤᠯᠤᠯᠲᠠ ᠶᠢ ᠠᠬᠢᠭᠤᠯᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠬᠤ ᠬᠡᠷᠡᠭᠲᠡᠢ᠃ ᠬᠠᠯᠠᠭᠤᠨ ᠳᠤᠯᠠᠭᠠᠨ ᠢᠨᠵᠧᠨᠧᠷᠢᠩ ᠢ ᠴᠢᠩᠭ᠎ᠠ ᠪᠦᠭᠡᠳ ᠪᠣᠳᠠᠲᠠᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ 33 ᠵᠦᠢᠯ ᠪᠣᠯᠤᠨ ᠮᠠᠨ ᠤ ᠬᠤᠳᠠ ᠶᠢᠨ 10 ᠲᠠᠯ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠷᠳᠤ ᠳᠠᠮᠵᠢᠭᠤᠯᠬᠤ ᠬᠤᠭᠤᠯᠠᠢ ᠲᠣᠣᠷ ᠵᠡᠷᠭᠡ 19 ︽ᠬᠠᠯᠠᠭᠤᠨ ᠳᠤᠯᠠᠭᠠᠨ ᠢᠨᠵᠧᠨᠧᠷᠢᠩ︾ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠱᠠᠯᠠᠪᠳᠠᠨ ᠬᠢᠵᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ 12 ᠲᠤᠷᠰᠢᠯᠲᠠ ᠶᠢᠨ ᠴᠢᠭ ᠢ ᠪᠠᠬᠢᠵᠢᠭᠦᠯᠦᠨ ᠳᠡᠭᠡᠭᠰᠢᠯᠡᠭᠦᠯᠬᠦ ᠪᠠ ᠰᠢᠨ᠎ᠡ ᠪᠠᠷ ᠨᠡᠮᠡᠭᠳᠡᠬᠦ 2 ᠲᠤᠷᠰᠢᠯᠲᠠ ᠶᠢᠨ ᠴᠢᠭ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠬᠤᠭ ᠨᠣᠪᠰᠢ ᠶᠢ ᠬᠤᠷᠢᠶᠠᠬᠤ ᠬᠠᠳᠠᠭᠠᠯᠠᠬᠤ ᠵᠥᠭᠡᠭᠡᠪᠦᠷᠢᠯᠡᠬᠦ ᠶᠢ ᠨᠢᠭᠡ ᠴᠤᠬᠴᠠᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠢ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠩᠭ᠎ᠠ ᠪᠦᠭᠡᠳ ᠪᠣᠳᠠᠲᠠᠢ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠰᠢᠯᠢᠳᠡᠭᠵᠢᠭᠦᠯᠬᠦ ᠶᠢ ᠴᠢᠬᠤᠯᠠ ᠠᠭᠤᠯᠭ᠎ᠠ ᠪᠣᠯᠭᠠᠵᠤ᠂ ᠭᠤᠣᠯᠳᠠᠯᠭ᠎ᠠ ᠲᠠᠢ ᠪᠠᠷ ᠪᠣᠭᠤᠮᠲᠠ ᠰᠢᠪᠲᠤᠯᠵᠤ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠴᠢᠩᠭ᠎ᠠ ᠪᠦᠭᠡᠳ ᠪᠣᠳᠠᠲᠠᠶ ᠠᠳᠬᠤᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠲᠦᠷᠭᠡᠳᠬᠡᠨ ᠠᠬᠢᠭᠤᠯᠵᠤ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠢᠶᠠᠷ ᠡᠨᠧᠷᠭᠢ ᠣᠯᠭᠤᠵᠤ ᠰᠢᠨᠵᠢᠯᠡᠬᠦ ᠤᠬᠠᠭᠠᠨ ᠮᠡᠷᠭᠡᠵᠢᠯ ᠤᠨ ᠠᠯᠢ ᠲᠦᠷᠭᠡᠨ ᠢᠶᠠᠷ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠶ᠃ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠴᠢᠩᠭ᠎ᠠ ᠪᠦᠭᠡᠳ ᠪᠣᠳᠠᠲᠠᠢ ᠠᠳᠬᠤᠵᠤ᠂ ᠴᠢᠯᠥᠭᠡᠲᠦ ᠠᠷᠠᠯᠵᠢᠶᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠵᠣᠯᠭᠠᠭᠤᠯᠤᠨ ᠠᠬᠢᠭᠤᠯᠵᠤ᠂ ︽ᠪᠣᠭᠤᠮᠲᠠ+ ᠦᠷᠦᠴᠡ ᠭᠠᠵᠠᠷ︾ ᠤᠨ ᠬᠤᠯᠪᠣᠭᠠᠯᠠᠨ ᠬᠥᠭᠵᠢᠬᠦ ᠶᠢ ᠨᠡᠩ ᠰᠠᠶᠢᠲᠤᠷ ᠠᠳᠬᠤᠵᠤ᠂ ︽ᠮᠤᠩᠭᠤᠯ ᠤᠨ ᠨᠡᠭᠦᠷᠡᠰᠦ ᠶᠢ ᠦᠬᠠᠢ ᠳᠤ ᠣᠷᠣᠭᠤᠯᠬᠤ︾ ᠶᠢ ᠭᠦᠨᠵᠡᠭᠡᠢ ᠠᠬᠢᠭᠤᠯᠵᠤ᠂ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠭᠠᠳᠠᠭᠠᠳᠤ ᠬᠤᠯᠪᠣᠭᠠᠨ ᠤ ᠰᠠᠭᠠᠳ ᠦᠭᠡᠢ ᠨᠡᠪᠲᠡᠷᠡᠬᠦ᠂ ᠳᠣᠲᠣᠭᠠᠳᠤ ᠬᠤᠯᠪᠣᠭᠠᠨ ᠤ ᠣᠷᠴᠢᠯ ᠢ ᠪᠡᠶᠡᠯᠡᠭᠦᠯᠬᠦ ᠶᠢ ᠠᠬᠢᠭᠤᠯᠵᠤ᠂ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠭᠤᠳᠠᠰᠣ ᠲᠤᠰᠢᠶᠠᠬᠤ ᠤᠬᠠᠮᠰᠠᠷ᠂ ᠳᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ‌‍ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠳᠠ‌‍ᠶᠢᠨ ︽ᠠᠷᠪᠠᠨ ᠬᠤᠶᠠᠷ ᠵᠦᠢᠯ‌‍ᠤᠨ ᠭᠤᠣᠯᠳᠠᠯᠭ᠎ᠠ ᠲᠠᠢ ᠠᠵᠢᠯ︾ ᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠤᠬᠴᠠᠵᠢᠭᠤᠯᠤᠨ ᠠᠬᠢᠭᠤᠯᠵᠤ᠂ ᠴᠠᠭ ᠮᠥᠴᠡ ᠶᠢ ᠠᠮᠵᠢᠵᠤ᠂ ᠲᠦᠷᠭᠡᠨ ᠠᠵᠢᠯᠯᠠᠨ ᠴᠢᠩᠭ᠎ᠠ ᠠᠳᠬᠤᠵᠤ᠂ ᠠᠭᠤᠷᠬᠠᠢ‌‍ᠶᠢᠨ ᠡᠷᠬᠡ ᠨᠡᠭᠦᠷᠡᠰᠦ ᠤᠬᠢᠶᠠᠬᠤ ᠬᠡᠦᠷᠰᠢᠭᠦᠯᠬᠦ ︽ᠭᠤᠷᠪᠠ ᠶᠢ ᠨᠡᠶᠢᠳᠬᠡᠬᠦ︾᠂ ᠪᠦᠬᠦ ᠪᠥᠮᠪᠥᠷᠴᠡᠭ ᠤᠨ ᠬᠠᠮᠤᠭ ᠤᠨ ᠲᠤᠮᠤ BDO ᠶᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠠᠵᠤ ᠠᠬᠤᠶᠢᠯᠠᠯ ᠢ ᠰᠲ᠋ᠤᠺ ᠤᠨ ᠵᠠᠭ᠋᠎ᠠ ᠳᠤ ᠭᠠᠷᠭᠠᠬᠤ ᠦᠢᠯᠡᠴᠢᠯᠡᠭᠡ ᠶᠢ ᠪᠤᠶᠢᠵᠢᠭᠤᠯᠬᠤ ᠵᠡᠷᠭᠡ ᠠᠵᠢᠯ ᠢᠶᠠᠨ ᠲᠦᠷᠭᠡᠨ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map