ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ᠂ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠨ ᠰᠡᠷᠡᠮᠵᠢᠯᠡᠭᠦᠯᠬᠦ ᠹᠢᠯᠢᠮ ᠪᠠ ᠥᠪᠡᠷᠲᠡᠭᠡᠨ ᠵᠠᠰᠠᠬᠤ ᠣᠷᠣᠨ ᠤ ᠳᠠᠯᠳᠠᠭᠤᠷ ᠰᠤᠷᠪᠤᠯᠵᠢᠯᠠᠬᠰᠠᠨ ᠹᠢᠯᠢᠮ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/16
     5 ᠰᠠᠷ᠎ᠠ ᠶᠢᠨ 14 ᠤ ᠡᠳᠦᠷ᠂ ᠲᠥᠪ ᠤᠨ ᠪᠠ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ᠂ ᠤᠯᠤᠰ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠤᠨ ᠰᠡᠷᠡᠮᠵᠢᠯᠡᠬᠦᠯᠬᠦ ᠹᠢᠯᠢᠮ ᠪᠠ ᠦᠪᠡᠷᠳᠡᠭᠡᠨ ᠵᠠᠰᠠᠬᠤ ᠤᠷᠤᠨ ᠤ ᠲᠠᠯᠳᠠᠭᠤᠷ ᠰᠤᠷᠪᠤᠯᠵᠢᠯᠠᠬᠰᠠᠨ ᠹᠢᠯᠢᠮ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠤᠳᠤᠷᠢᠳᠤᠯᠭ᠎ᠠ ᠸᠠᠩ ᠵᠢᠶ ᠫᠢᠩ᠂ ᠵᠠᠩ ᠮᠢᠩ ᠮᠢᠩ᠂ ᠵᠠᠩ ᠸᠧᠶ ᠣᠷᠣᠯᠴᠠᠪᠡ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠨ ᠰᠡᠷᠡᠮᠵᠢᠯᠡᠭᠦᠯᠬᠦ ᠹᠢᠯᠢᠮ ᠪᠣᠯᠤᠨ ᠥᠪᠡᠷᠲᠡᠭᠡᠨ ᠵᠠᠰᠠᠬᠤ ᠣᠷᠣᠨ ᠤ ᠳᠠᠯᠳᠠᠭᠤᠷ ᠰᠤᠷᠪᠤᠯᠵᠢᠯᠠᠭᠰᠠᠨ ᠹᠢᠯᠢᠮ ᠢ ᠬᠠᠮᠲᠤ ᠪᠠᠷ ᠦᠵᠡᠵᠦ᠂ ᠬᠤᠷᠠᠯ ᠠᠴᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠨᠢᠭᠡ ᠵᠦᠢᠯ ᠤᠨ ᠲᠦᠢᠯ ᠤᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠤᠨ᠎ᠠ᠂ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠦᠭᠡᠢ᠂ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ ᠬᠤᠷᠳᠤᠴᠠ ᠪᠠᠨ ᠲᠦᠷᠭᠡᠳᠬᠡᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠠᠰᠠᠭᠤᠳᠠᠯ ᠢ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠮᠤᠭ ᠤᠨ ᠰᠢᠨ᠎ᠡ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠲᠥᠰᠦᠯ ᠢᠶᠠᠨ ᠱᠠᠯᠠᠪᠳᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠨᠢᠭᠡᠨᠲᠡ ᠪᠡᠶᠡᠯᠡᠭᠦᠯᠦᠭᠰᠡᠨ ᠠᠰᠠᠭᠤᠳᠠᠯ ᠳᠤ ︽ᠡᠷᠬᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ᠂ ᠠᠰᠠᠭᠤᠳᠠᠯ ᠤᠨ ᠲᠠᠬᠢᠨ ᠢᠯᠡᠷᠡᠬᠦ ᠶᠢ ᠰᠡᠷᠭᠡᠶᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠮᠥᠷᠥᠨ ᠳᠡᠭᠡᠷ᠎ᠡ ᠪᠠᠨ ᠪᠠᠲᠤ ᠡᠭᠦᠷᠭᠡᠯᠡᠵᠦ᠂ ᠭᠠᠷ ᠲᠠᠭᠠᠨ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠨᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠬᠤᠭ ᠨᠣᠪᠰᠢ ᠵᠡᠷᠭᠡ ᠬᠦᠷᠢᠶᠡᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠴᠤᠬᠴᠠᠵᠢᠭᠤᠯᠤᠨ ᠰᠠᠶᠢᠲᠤᠷ ᠠᠳᠬᠤᠵᠤ᠂ ᠡᠯ᠎ᠡ ᠲᠦᠷᠦᠯ ᠤᠨ ᠠᠰᠠᠭᠤᠳᠠᠯ ᠢ ᠡᠷᠲᠡᠬᠡᠨ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map