5 ᠰᠠᠷ᠎ᠠ ᠶᠢᠨ 18 ᠤ ᠡᠳᠦᠷ᠂ 2024— 2025 ᠣᠨ ᠤ ᠦᠬᠠᠶ ᠬᠤᠲᠠ ᠶᠢᠨ ︽ᠬᠤᠲᠠ ᠶᠢᠨ | ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ | ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠡᠬᠢᠯᠡᠪᠡ᠃ | ᠲᠣᠰ ᠤᠳᠠᠭᠠᠨ ᠤ ᠤᠷᠤᠯᠳᠤᠭᠠᠨ 6 ᠡᠳᠦᠷ ᠶᠠᠪᠤᠭᠳᠠᠵᠤ᠂ ᠪᠥᠬᠦ ᠬᠤᠲᠠ ᠶᠢᠨ ᠪᠠᠭ᠎ᠠ ᠰᠤᠷᠭᠠᠭᠤᠯᠢ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 37 ᠲᠥᠯᠥᠭᠡᠯᠡᠭᠴᠢᠳ ᠤᠨ | ᠠᠩᠭᠢ᠂ 600 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠨᠠᠩ ᠣᠯᠠᠨ ᠬᠡᠤᠬᠡᠳ ᠤᠨ ᠬᠥᠯ ᠪᠥᠮᠪᠦᠭᠡ | ᠶᠢᠨ ᠬᠦᠳᠡᠯᠭᠡᠭᠡᠨ ᠳᠤ ᠳᠤᠷᠠᠲᠠᠶ᠂ ᠬᠥᠯ ᠪᠥᠮᠪᠦᠭᠡ ᠶᠢᠨ ᠬᠦᠳᠡᠯᠭᠡᠭᠡᠨ ᠳᠤ ᠣᠷᠣᠯᠴᠠᠬᠤ᠂ ᠬᠥᠯ ᠪᠥᠮᠪᠦᠭᠡ ᠶᠢᠨ | ᠬᠦᠳᠡᠯᠭᠡᠭᠡᠨ ᠠᠴᠠ ᠣᠯᠭᠤᠭᠰᠠᠨ ᠲᠠᠭᠠᠰᠢᠶᠠᠯ ᠭᠥᠷᠳᠡᠬᠦ ᠶᠢ ᠵᠣᠷᠢᠭᠵᠢᠭᠤᠯᠵᠤ᠂ ︽ᠴᠢᠷᠮᠠᠶᠢᠨ ᠲᠡᠮᠡᠴᠡᠵᠦ ᠬᠦᠰᠡᠯ | ᠵᠡᠭᠦᠳᠦ ᠪᠠᠨ ᠲᠡᠷᠭᠡᠯᠰᠢᠭᠦᠯᠬᠦ︾ ᠬᠥᠯ ᠪᠥᠮᠪᠦᠭᠡ ᠶᠢᠨ ᠵᠣᠷᠢᠭ ᠰᠠᠨᠠᠭ᠎ᠠ ᠶᠢ ᠰᠤᠷᠤᠯᠴᠠᠯᠭ᠎ᠠ᠂ ᠠᠮᠢᠳᠤᠷᠠᠯ ᠤᠨ ᠳᠤᠮᠳᠠ | ᠪᠠᠨ ᠲᠤᠤᠱᠯᠠᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠨ᠎ᠡ ᠵᠢᠷᠤᠭ ᠲᠥᠯᠥᠪᠯᠡᠭᠡ ᠶᠢ | ᠬᠠᠮᠲᠤ ᠪᠠᠷ ᠵᠢᠷᠤᠭᠯᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠤ ᠥᠷᠨᠢᠨ | ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ |