5 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠣᠷᠳᠣᠰ ᠬᠤᠲᠠ᠂ ᠦᠬᠠᠶ ᠬᠤᠲᠠ ᠳᠤ ᠠᠭᠤᠷᠬᠠᠶ ᠶᠢᠨ ᠠᠮᠤᠷ ᠲᠦᠪᠰᠢᠨ ᠢ ᠴᠡᠭᠴᠡᠯᠡᠨ | ᠵᠠᠰᠠᠬᠤ ᠪᠠ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠬᠢᠨᠠᠨ ᠵᠢᠯᠣᠭᠤᠳᠪᠠ᠃ | ᠬᠤᠸᠠᠩ ᡁᠢ ᠴᠢᠶᠠᠩ ᠭᠤᠣᠯᠳᠠᠯᠭ᠎ᠠ ᠲᠠᠢ ᠠᠭᠤᠷᠬᠠᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ᠂ | ᠠᠶᠤᠯᠲᠠᠢ ᠬᠢᠮᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠠᠩᠬᠠᠷᠣᠯ ᠢᠶᠠᠨ ᠰᠠᠶᠢᠲᠤᠷ ᠲᠦᠪᠯᠡᠷᠡᠭᠦᠯᠵᠦ︾᠂ ᠨᠠᠮ ᠤᠨ ᠲᠥᠪ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠭᠤᠷᠬᠠᠢ ᠶᠢᠨ | ᠠᠮᠤᠷ ᠲᠦᠪᠰᠢᠨ ᠢ ᠴᠡᠭᠴᠡᠯᠡᠨ ᠵᠠᠰᠠᠬᠤ᠂ ᠠᠶᠤᠯᠲᠠᠢ ᠬᠢᠮᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ | ᠵᠡᠷᠭᠡ ᠱᠠᠭᠠᠷᠳᠠᠯᠭ᠎ᠠ ᠶᠢ ︽ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ︾ ᠬᠡᠷᠡᠭᠲᠡᠢ᠃ ᠠᠭᠤᠷᠬᠠᠢ ᠶᠢᠨ | ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ | ︽ᠮᠠᠯᠲᠠᠬᠤ ᠶᠢᠨ ᠲᠥᠯᠥᠭᠡ ᠵᠠᠰᠠᠬᠤ︾ ︽ᠣᠷᠢᠳᠠᠪᠡᠷ ᠮᠠᠯᠲᠠᠵᠤ ᠳᠠᠷᠠᠭ᠎ᠠ ᠨᠢ ᠵᠠᠰᠠᠬᠤ︾ ᠶᠢ ᠡᠷᠡᠰ ᠬᠤᠷᠢᠭᠯᠠᠵᠤ᠂ | ᠬᠢᠨᠠᠯᠲᠠ ᠬᠠᠮᠢᠶᠠᠷᠤᠯᠲᠠ ᠶᠢᠨ ᠪᠦᠬᠦ ᠬᠡᠯᠬᠢᠶ᠎ᠡ ᠶᠢ ᠡᠷᠡᠰ ᠴᠢᠩᠭᠠᠳᠬᠠᠬᠤ ᠬᠡᠷᠡᠭᠲᠡᠢ᠃ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠤᠨ | ᠵᠢᠷᠤᠮᠵᠢᠯ ᠤᠨ ᠱᠠᠭᠠᠷᠳᠠᠯᠭ᠎ᠠ ᠶᠣᠰᠣᠭᠠᠷ ︽ᠪᠠᠷᠢᠮᠵᠢᠶ᠎ᠠ ᠪᠠᠨ ᠳᠡᠭᠡᠭᠰᠢᠯᠡᠭᠦᠯᠬᠦ︾ ᠠᠵᠢᠯᠯᠠᠭ᠎ᠠ ᠶᠢ ᠱᠠᠯᠠᠪᠳᠠᠨ | ᠥᠷᠨᠢᠭᠦᠯᠵᠦ᠂ ᠠᠵᠤ ᠠᠬᠤᠶᠢᠯᠠᠯ ᠤᠨ ᠭᠠᠯ ᠤᠨᠲᠠᠷᠠᠭᠠᠬᠤ ᠡᠩᠨᠡᠭᠡ ᠶᠢ ᠪᠦᠷᠢᠨ ᠭᠦᠢᠴᠡᠳ ᠳᠣᠭᠢᠷᠠᠭᠤᠯᠤᠨ | ᠬᠦᠴᠦᠷᠬᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠲᠦᠷᠭᠡᠬᠡᠨ | ᠳᠡᠭᠡᠭᠰᠢᠯᠡᠭᠦᠯᠵᠦ᠂ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠶ | ᠭᠡᠵᠡᠢ᠃ |