5 ᠰᠠᠷ᠎ᠠ ᠶᠢᠨ 25 ᠤ ᠡᠳᠦᠷ᠂ ᠦᠬᠠᠢ ᠬᠤᠲᠠ ᠶᠢᠨ ᠵᠢᠷᠭᠤᠳᠤᠭᠠᠷ ᠬᠤᠭᠤᠴᠠᠭᠠᠨ ᠤ ᠵᠠᠯᠠᠭᠤᠴᠤᠳ | ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ | ᠶᠠᠪᠤᠭᠳᠠᠵᠤ᠂ ᠪᠦᠬᠦ ᠬᠤᠲᠠ ᠶᠢᠨ 1600 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ | ᠤᠷᠤᠯᠳᠤᠭᠠᠨ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠤ ᠵᠦᠢᠯ ᠳᠤ ᠮᠠᠰᠢᠨ ᠬᠥᠮᠦᠨ ᠤ ᠪᠦᠲᠦᠭᠡᠯᠴᠢ | ᠰᠡᠳᠬᠢᠮᠵᠢ ᠶᠢᠨ ᠤᠷᠤᠯᠳᠤᠭᠠᠨ᠂ 3D ᠳᠠᠷᠤᠮᠠᠯᠯᠠᠬᠤ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠵᠢᠴᠢ | ᠪᠦᠲᠦᠭᠡᠯ ᠤᠨ ᠦᠵᠡᠭᠦᠯᠭᠡ ᠶᠢᠨ ᠤᠷᠤᠯᠳᠤᠭᠠᠨ᠂ ᠮᠠᠰᠢᠨ ᠬᠥᠮᠦᠨ ᠤ ᠲᠣᠭᠤᠷᠢᠨ ᠴᠠᠭᠳᠠᠬᠤ ᠱᠤᠭᠤᠮ ᠤᠨ | ᠥᠷᠢᠰᠦᠯᠳᠦᠬᠦ ᠣᠷᠣᠯᠳᠣᠭᠠᠨ᠂ ᠮᠠᠰᠢᠨ ᠬᠥᠮᠦᠨ ᠤ ᠤᠷᠤᠯᠳᠤᠭᠠᠨ ᠤ ᠲᠠᠪᠴᠠᠩ ᠤᠨ ᠡᠰᠡᠷᠭᠦᠴᠡᠯᠳᠦᠬᠦ ᠤᠷᠤᠯᠳᠤᠭᠠᠨ᠂ | ᠵᠢᠯᠣᠭᠤᠴᠢ ᠥᠬᠡᠶ ᠨᠢᠰᠬᠡᠯ ᠤᠨ ᠡᠵᠡᠮᠰᠢᠯ ᠨᠢᠰᠦᠯᠲᠡ ᠶᠢᠨ ᠤᠷᠤᠯᠳᠤᠭᠠᠨ ᠵᠡᠷᠭᠡ 12 ᠲᠥᠷᠥᠯ ᠵᠦᠢᠯ ᠢ | ᠪᠠᠭᠲᠠᠭᠠᠵᠤ᠂ ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠬᠤᠪᠢᠶᠠᠵᠤ᠂ | 2 ᠡᠳᠦᠷ ᠤᠨ ᠬᠤᠭᠤᠴᠠᠭ᠎ᠠ ᠲᠠᠢ ᠶᠠᠪᠤᠭᠳᠠᠪᠡ᠃ | ᠵᠠᠯᠠᠭᠤᠴᠤᠳ ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠪᠣᠯ ᠨᠢᠭᠡ ᠵᠦᠢᠯ ᠤᠨ ᠭᠠᠷ ᠪᠠ ᠲᠠᠷᠢᠬᠢ | ᠬᠥᠳᠡᠯᠭᠡᠬᠦ᠂ ᠤᠷ᠎ᠠ ᠴᠢᠳᠠᠪᠤᠷᠢ ᠶᠢ ᠨᠢ ᠬᠥᠮᠦᠵᠢᠭᠦᠯᠬᠦ᠂ ᠰᠦᠪᠡᠭᠴᠢᠯᠡᠯᠳᠡ ᠶᠢᠨ ᠴᠢᠨᠠᠷᠲᠠᠢ ᠰᠤᠷᠤᠯᠴᠠᠯᠭ᠎ᠠ ᠶᠢ ᠨᠢᠭᠡ | ᠴᠤᠭᠴᠠᠵᠢᠭᠤᠯᠤᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠢᠯᠯᠠᠭ᠎ᠠ ᠪᠣᠯᠤᠨ᠎ᠠ᠃ ᠡᠨᠡᠬᠦ ᠤᠷᠤᠯᠳᠤᠭᠠᠨ ᠢ | ᠡᠷᠬᠢᠯᠡᠭᠰᠡᠨ ᠨᠢ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ | ᠺᠣᠮᠫᠢᠦ᠋ᠲ᠋ᠧᠷ ᠤᠨ ᠫᠷᠤᠭ᠍ᠷᠠᠮ ᠨᠠᠶᠢᠷᠠᠭᠤᠯᠬᠤ᠂ ᠢᠨᠵᠧᠨᠧᠷᠢᠩ ᠤᠨ ᠵᠢᠷᠤᠭ ᠲᠥᠯᠥᠪᠯᠡᠭᠡ᠂ ᠵᠢᠯᠣᠭᠤᠴᠢ ᠦᠭᠡᠢ | ᠨᠢᠰᠬᠡᠯ ᠤᠨ ᠬᠡᠷᠡᠭᠯᠡᠯᠲᠡ᠂ ᠮᠧᠬᠠᠨᠢᠭ ᠤᠭᠰᠠᠷᠠᠬᠤ ᠵᠡᠷᠭᠡ ᠮᠡᠳᠡᠯᠭᠡ ᠶᠢ ᠰᠤᠷᠤᠯᠴᠠᠭᠤᠯᠬᠤ ᠶᠢᠨ ᠬᠠᠮᠲᠤ ᠡᠳᠦᠷ | ᠲᠤᠲᠤᠮ ᠤᠨ ᠠᠵᠢᠭᠯᠠᠯᠲᠠ ᠪᠠ ᠲᠤᠷᠰᠢᠯᠭ᠎ᠠ ᠬᠤᠷᠠᠮᠳᠤᠭᠤᠯᠬᠤ ᠶᠢ ᠤᠶᠠᠯᠳᠣᠭᠤᠯᠣᠨ᠂ ᠠᠰᠠᠭᠤᠳᠠᠯ ᠢ ᠰᠢᠢᠳᠪᠦᠷᠢᠯᠡᠬᠦ | ᠲᠥᠰᠦᠯ ᠢ ᠡᠷᠢᠯᠬᠢᠯᠡᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠤᠷ᠎ᠠ ᠰᠣᠨᠢᠷᠬᠠᠯ ᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠭᠠᠷ | ᠬᠥᠳᠡᠯᠦᠨ ᠦᠢᠯᠡᠳᠦᠯᠭᠡᠵᠢᠭᠦᠯᠬᠦ ᠴᠢᠳᠠᠪᠤᠷᠢ ᠶᠢ ᠨᠢ ᠬᠥᠮᠦᠵᠢᠭᠦᠯᠬᠦ ᠶᠢᠨ ᠲᠥᠯᠥᠭᠡ ᠶᠤᠮ᠃ |