5 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ 2024 ᠳᠤᠮᠳᠠᠳᠤ ᠤᠯᠤᠰ· ᠦᠬᠠᠶ ᠶᠢᠨ | ᠳᠣᠯᠣᠳᠤᠭᠠᠷ ᠬᠤᠭᠤᠴᠠᠭᠠᠨ ᠤ ᠮᠣᠷᠢᠨ ᠵᠢᠩ ᠤᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠠᠰᠢᠨ | ᠲᠡᠷᠭᠡᠨ ᠤ ᠭᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ ᠶᠠᠪᠤᠭᠳᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ︽ᠮᠣᠷᠢᠨ ᠵᠢᠩ ᠤᠨ ᠶᠡᠭᠡ ᠬᠤᠷᠠᠯ︾ ︽ᠡᠯᠡᠰᠦᠨ ᠴᠦᠯ ᠳᠤ ᠬᠡᠭᠡᠷᠡᠯᠡᠨ | ᠠᠶᠠᠯᠬᠤ︾ ︽ᠡᠯᠡᠰᠦᠨ ᠴᠥᠯ ᠳᠤ ᠮᠤᠷᠢᠯᠠᠵᠤ ᠲᠡᠯᠡᠶ ᠶᠢ ᠦᠵᠡᠬᠦ︾ ᠨᠢ ᠮᠠᠨ ᠤ ᠬᠤᠲᠠ ᠶᠢᠨ ᠬᠠᠮᠤᠭ ᠤᠨ ᠬᠠᠯᠠᠭᠤᠨ | ᠰᠡᠳᠦᠪ ᠪᠣᠯᠵᠣ᠂ ᠬᠡᠭᠡᠷᠡᠯᠡᠬᠦ ᠮᠠᠰᠢᠨ ᠲᠡᠷᠭᠡ ᠪ᠊ ᠡᠯᠡᠰᠦᠨ ᠴᠦᠯ ᠳᠤ ᠠᠶᠠᠯᠠᠬᠤ ᠠᠭᠤᠷ ᠠᠮᠢᠰᠬᠤᠯ ᠨᠢ ︽ᠡᠯᠡᠰᠦᠨ | ᠴᠦᠯ ᠤᠨ ᠬᠠᠯᠠᠭᠤᠨ︾ ᠢ ᠳᠠᠶᠢᠴᠢᠯᠠᠨ ᠳᠤᠯᠠᠭᠠᠨ ᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃ ᠲᠤᠰ | ᠬᠤᠭᠤᠴᠠᠭᠠᠨ ᠤ ᠠᠳᠤᠭᠤᠨ ᠵᠢᠩ ᠤᠨ ᠶᠡᠭᠡ ᠬᠤᠷᠠᠯ 3 ᠡᠳᠦᠷ ᠶᠠᠪᠤᠭᠳᠠᠵᠤ᠂ ᠪᠦᠬᠦ ᠤᠯᠤᠰ ᠤᠨ ᠡᠯ᠎ᠡ | ᠭᠠᠵᠠᠷ ᠤᠨ ᠬᠢᠨ ᠤ 2000 ᠭᠠᠷᠤᠢ ᠬᠡᠭᠡᠷᠡᠯᠡᠬᠦ ᠲᠡᠷᠭᠡ᠂ 10000 ᠭᠠᠷᠤᠢ ᠬᠡᠭᠡᠷᠡᠯᠡᠬᠦ ᠳᠤᠷ᠎ᠠ ᠪᠠᠭ᠋ᠠᠳᠠᠨ | ᠣᠷᠣᠯᠴᠠᠵᠠᠢ᠃ ᠲᠦᠮᠡᠨ ᠠᠭᠲᠠ ᠲᠣᠭᠤᠷᠢᠨ ᠵᠤᠭᠠᠴᠠᠬᠤ᠂ ᠡᠯᠡᠰᠦᠨ ᠴᠦᠯ ᠤᠨ ᠤᠷᠤᠯᠳᠤᠭᠠᠨ᠂ ᠲᠡᠷᠭᠡᠨ | ᠦᠵᠡᠭᠦᠯᠦᠯᠭᠡ᠂ ᠮᠠᠰᠢᠨ ᠲᠡᠷᠭᠡᠨ ᠤ ᠭᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ᠂ ᠡᠯᠧᠺᠲᠷᠣᠨ | ᠬᠦᠭᠵᠢᠮ ᠤᠨ ᠪᠠᠶᠠᠷ ᠵᠡᠷᠭᠡ 10 ᠭᠠᠷᠤᠢ ᠵᠦᠢᠯ ᠤᠨ ᠭᠤᠶᠢᠳᠠ ᠰᠠᠶᠢᠬᠠᠨ ᠠᠵᠢᠯᠯᠠᠭ᠎ᠠ ᠡᠭᠡᠯᠵᠢᠯᠡᠨ ᠶᠠᠪᠤᠭᠳᠠᠵᠤ᠂ | ᠬᠤᠲᠠ ᠶᠢᠨ ᠠᠷᠠᠳ ᠲᠤ ᠤᠶᠢᠷ᠎ᠠ ᠵᠠᠢ ᠠᠴᠠ ᠬᠡᠭᠡᠷᠡᠯᠡᠬᠦ ᠰᠣᠶᠣᠯ ᠢ ᠤᠶᠢᠯᠠᠭᠠᠭᠤᠯᠵᠤ᠂ ᠨᠡᠩ ᠣᠯᠠᠨ ᠭᠠᠳᠠᠷ | ᠣᠷᠣᠨ ᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠠᠭᠤᠯᠠᠨ ᠭᠠᠵᠠᠷ᠂ ᠣᠰᠣ᠂ ᠡᠯᠡᠰᠦ᠂ ᠬᠤᠲᠠ ᠶᠢᠨ ᠥᠪᠡᠷᠮᠢᠴᠡ | ᠲᠠᠲᠠᠬᠤ ᠬᠦᠴᠦᠨ ᠢ ᠤᠶᠢᠯᠠᠭᠠᠪᠠ᠃ ᠮᠠᠨ ᠤ ᠬᠤᠲᠠ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ᠂ ᠰᠡᠯᠡᠭᠦᠴᠡᠨ | ᠲᠡᠭᠦᠬᠦ᠂ ᠬᠥᠳᠡᠭᠡ ᠲᠣᠰᠬᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠣᠯᠠᠨ ᠵᠦᠢᠯ ᠤᠨ | ᠵᠢᠭᠤᠯᠴᠢᠯᠠᠯ ᠤᠨ ᠵᠠᠮ ᠱᠤᠭᠤᠮ ᠢ ᠵᠡᠷᠭᠡᠪᠡᠷ ᠭᠠᠷᠭᠠᠵᠤ᠂ ᠲᠡᠭᠦᠬᠦ ᠪᠠᠶᠠᠷ᠂ ᠤᠷᠠᠨ ᠰᠠᠶᠢᠬᠠᠨ ᠤ ᠲᠣᠭᠯᠠᠯᠲᠠ᠂ | ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯᠯᠠᠭᠠᠨ ᠤ ᠣᠷᠣᠨ | ᠵᠠᠶ ᠶᠢ ᠭᠦᠢᠴᠡᠳ ᠤᠷᠲᠤᠳᠬᠠᠵᠤ᠂ ᠵᠤᠭᠠᠴᠠᠭᠰᠠᠳ ᠤᠨ ᠵᠤᠭᠠᠴᠠᠨ ᠨᠠᠭᠠᠳᠬᠤ ᠣᠶᠢᠯᠠᠭᠠᠯᠲᠠ ᠶᠢ ᠨᠢ | ᠳᠡᠭᠡᠭᠰᠢᠯᠡᠭᠦᠯᠵᠦ᠂ ᠪᠦᠬᠦ ᠤᠯᠤᠰ ᠤᠨ ᠡᠯ᠎ᠡ ᠭᠠᠵᠠᠷ ᠤᠨ ᠬᠡᠭᠡᠷᠡᠯᠡᠨ ᠠᠶᠠᠯᠠᠬᠤ ᠪᠠᠭ᠋ᠠᠲᠠᠶ ᠬᠥᠮᠦᠰ ᠪᠠ | ᠵᠤᠭᠠᠴᠠᠭᠰᠠᠳ ᠤᠨ ᠰᠠᠶᠢᠨ ᠦᠨᠡᠯᠡᠯᠲᠡ ᠶᠢ ᠲᠠᠰᠤᠷᠠᠯᠲᠠ ᠦᠭᠡᠢ ᠣᠯᠪᠠ᠃ | ᠮᠣᠷᠢᠨ ᠵᠢᠩ ᠤᠨ ᠶᠡᠭᠡ ᠬᠤᠷᠠᠯ ᠪᠣᠯ ᠳᠤᠮᠳᠠᠳᠤ ᠤᠯᠤᠰ ᠤᠨ ᠭᠡᠭᠡᠷᠡᠯᠡᠬᠦ ᠰᠣᠶᠣᠯ ᠤᠨ ᠲᠡᠷᠢᠭᠦᠨ ᠳᠡᠰ ᠤᠨ | IP ᠪᠣᠯᠤᠨ᠎ᠠ᠂ ᠪᠦᠬᠦ ᠤᠯᠤᠰ ᠤᠨ ᠡᠯ᠎ᠡ ᠮᠣᠵᠢ ᠬᠤᠲᠠ ᠣᠷᠣᠨ ᠤ 300 ᠭᠠᠷᠤᠢ JEEP ᠶᠢᠨ ᠠᠳᠤᠭᠤᠴᠢᠨ | ᠨᠡᠷᠡᠮᠵᠢᠲᠤ ᠲᠡᠷᠭᠡᠨ ᠬᠡᠯᠪᠡᠷᠢ ᠶᠢᠨ ᠺᠯᠦ᠋ᠪ ᠢᠶᠠᠷ ᠪᠦᠷᠢᠯᠳᠦᠵᠦ᠂ ᠠᠩᠬᠠᠳᠤᠭᠠᠷ ᠬᠤᠭᠤᠴᠠᠭ᠎ᠠ ᠨᠢ 2015 ᠣᠨ ᠳᠤ | ᠶᠠᠪᠤᠭᠳᠠᠵᠤ᠂ ᠤᠯᠤᠰ ᠤᠨ ᠳᠣᠲᠣᠭᠠᠳᠤ ᠶᠢᠨ ᠬᠡᠭᠡᠷᠡᠯᠡᠬᠦ ᠬᠦᠷᠢᠶᠡᠨ ᠤ ᠬᠠᠮᠤᠭ ᠤᠨ ᠢᠳᠡᠪᠬᠢ ᠬᠦᠴᠦᠨ ᠲᠠᠢ | JEEP ᠮᠠᠰᠢᠨ ᠲᠡᠷᠭᠡᠨ ᠤ ᠬᠠᠮᠲᠤᠯᠢᠭ ᠤᠨ ᠵᠣᠬᠢᠶᠠᠨ ᠪᠠᠢᠭᠤᠯᠤᠯᠲᠠ ᠶᠢᠨ ᠨᠢᠭᠡ ᠨᠢ ᠪᠣᠯᠤᠨ᠎ᠠ᠂ ᠤᠯᠤᠰ ᠤᠨ | ᠳᠣᠲᠣᠭᠠᠳᠤ ᠳᠤ ᠮᠠᠰᠢ ᠥᠨᠳᠥᠷ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠲᠠᠢ ᠪᠠᠶᠢᠵᠦ᠂ ᠣᠳᠣᠬᠠᠨ ᠳᠤ ᠨᠢᠭᠡᠨᠳᠡ | 20 ᠭᠠᠷᠣᠢ ᠲᠦᠮᠡᠨ ᠬᠡᠰᠢᠬᠦᠨ ᠲᠠᠢ ᠪᠤᠯᠤᠭᠰᠠᠨ ᠪᠠᠶᠢᠨ᠎ᠠ᠃ | ᠲᠣᠰ ᠬᠤᠭᠤᠴᠠᠭᠠᠨ ᠤ ᠮᠤᠷᠢᠨ ᠵᠢᠩ ᠤᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠠᠰᠢᠨ | ᠲᠡᠷᠭᠡᠨ ᠤ ᠬᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ ᠢ ᠡᠷᠬᠢᠯᠡᠭᠰᠡᠨ ᠨᠢ ᠮᠠᠨ ᠤ ᠬᠤᠲᠠ ᠶᠢᠨ | ︽ᠡᠯᠡᠰᠦᠨ ᠴᠥᠯ ᠳᠤ ᠮᠤᠷᠢᠯᠠᠵᠤ ᠲᠡᠯᠡᠶ ᠶᠢ ᠦᠵᠡᠬᠦ︾ ᠵᠢᠭᠤᠯᠴᠢᠯᠠᠯ ᠤᠨ ᠨᠠᠷᠠᠲᠤ ᠲᠡᠮᠳᠡᠭ ᠢ ᠤᠯᠠᠮ ᠨᠢᠭᠡ ᠠᠯᠬᠤᠮ | ᠠᠯᠳᠠᠷᠰᠢᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠶ ᠠᠴᠢ ᠬᠤᠯᠪᠣᠭᠳᠠᠯ ᠲᠠᠢ ᠶᠤᠮ᠃ |