6 ᠰᠠᠷ᠎ᠠ ᠶᠢᠨ 22 ᠤᠨ ᠡᠳᠦᠷ᠂ ᠪᠦᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠬᠤᠲᠠ ᠶᠢᠨ ᠠᠷᠠᠳ ᠤᠨ ᠴᠡᠴᠡᠷᠯᠢᠭ ᠲᠤ ᠡᠬᠢᠯᠡᠪᠡ᠃ ᠠᠵᠢᠯᠯᠠᠭ᠎ᠠ ᠶᠢ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ 11 ᠡᠮᠴᠢᠯᠡᠭᠡᠨ ᠤ | ᠪᠠᠶᠢᠭᠤᠯᠤᠮᠵᠢ ᠵᠢᠴᠢ 6 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠵᠢᠯᠯᠠᠭ᠎ᠠ ᠳᠤ | ᠣᠷᠣᠯᠴᠠᠪᠡ᠃ | ᠠᠵᠢᠯᠯᠠᠭ᠎ᠠ ᠨᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ | ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠬᠤᠲᠠ ᠶᠢᠨ | ᠠᠷᠠᠳ ᠲᠤ ᠰᠢᠨ᠎ᠡ ᠬᠡᠪᠯᠡᠯ ᠤᠨ ︽ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ︾︽ᠭᠤᠷᠪᠠ ᠶᠢ | ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠬᠤ ᠶᠢᠨ ᠬᠠᠮᠲᠤ | ᠣᠯᠠᠨ ᠲᠦᠮᠡᠨ ᠳᠤ ᠴᠢᠰᠤᠨ ᠳᠠᠷᠤᠯᠲᠠ ᠶᠢ ᠰᠦᠢᠳᠬᠡᠯ ᠬᠤᠷᠢᠶᠠᠬᠤ ᠥᠬᠡᠶ ᠪᠠᠷ ᠬᠡᠮᠵᠢᠬᠦ ᠵᠡᠷᠭᠡ ᠦᠢᠯᠡᠴᠢᠯᠡᠭᠡ | ᠬᠠᠩᠭᠠᠪᠠ᠃ | ᠣᠶᠢᠯᠠᠭᠠᠭᠰᠠᠨ ᠢᠶᠠᠷ᠂ ᠡᠨᠡ ᠵᠢᠯ ᠤᠨ 6 ᠳ᠋ᠣᠭᠠᠷ ᠰᠠᠷ᠎ᠠ ᠪᠣᠯ ᠮᠠᠨ ᠤ ᠤᠯᠤᠰ ᠤᠨ ᠠᠩᠬᠠᠳᠠᠭᠴᠢ ᠪᠥᠬᠦ | ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠮᠥᠨ᠂ ᠭᠤᠤᠯ ᠰᠡᠳᠦᠪ ᠨᠢ ︽ᠬᠡᠪ | ᠪᠣᠯᠪᠠᠰᠤᠷᠠᠯ ᠢᠶᠠᠨ ᠳᠡᠭᠡᠭᠰᠢᠯᠡᠭᠦᠯᠦᠨ ᠡᠷᠡᠭᠦᠯ ᠮᠡᠨᠳᠦ ᠶᠢ ᠠᠬᠢᠭᠤᠯᠤᠶ᠎ᠠ︾ ᠪᠣᠯᠤᠨ᠎ᠠ᠃ ᠡᠨᠡ ᠬᠤᠭᠤᠴᠠᠭᠠᠨ ᠳᠤ᠂ ᠮᠠᠨ ᠤ | ᠬᠤᠲᠠ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ | ︽ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ︾ ᠢ ᠪᠥᠬᠦ ᠲᠠᠯ᠎ᠠ ᠪᠠᠷ ᠤᠬᠠᠭᠤᠯᠵᠤ᠂ ᠪᠥᠬᠦ ᠠᠷᠠᠳ ᠤᠨ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠪᠠ | ᠨᠥᠯᠥᠭᠡᠯᠡᠬᠦ ᠬᠦᠴᠦᠨ ᠢ ᠥᠷᠭᠡᠳᠬᠡᠨ᠎ᠡ᠃ |