5 ᠰᠠᠷ᠎ᠠ ᠶᠢᠨ 31 ᠤ ᠡᠳᠦᠷ᠂ ᠮᠠᠨ ᠤ ᠬᠤᠲᠠ ᠠᠩᠬᠠᠳᠤᠭᠠᠷ ᠬᠤᠭᠤᠴᠠᠭᠠᠨ ᠤ ᠰᠦᠯᠵᠢᠶᠡᠨ ᠤ ᠠᠮᠤᠷ | ᠲᠦᠪᠰᠢᠨ ᠤ ᠤᠷ᠎ᠠ ᠴᠢᠳᠠᠪᠤᠷᠢ ᠶᠢᠨ ᠤᠷᠤᠯᠳᠤᠭᠠᠨ ᠡᠷᠭᠢᠯᠡᠵᠦ᠂ ᠪᠥᠬᠦ ᠬᠤᠲᠠ ᠶᠢᠨ ᠡᠯ᠎ᠡ ᠠᠵᠢᠯ ᠲᠥᠷᠥᠯ ᠤᠨ 38 | ᠡᠩᠨᠡᠭᠡ ᠶᠢᠨ 120 ᠭᠠᠷᠤᠶ ᠣᠷᠣᠯᠴᠠᠭᠰᠠᠳ ᠬᠤᠷᠴᠠ ᠰᠢᠷᠦᠭᠦᠨ ᠥᠷᠢᠰᠥᠯᠳᠦᠭᠡᠨ ᠥᠷᠨᠢᠭᠦᠯᠵᠦ᠂ ᠦᠬᠠᠶ ᠶᠢᠨ | ᠯᠠᠩ ᠴᠤᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠲᠥᠯᠥᠭᠡᠯᠡᠭᠴᠢᠳ ᠤᠨ ᠠᠩᠭᠢ ᠬᠠᠮᠲᠤ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠰᠢᠤᠢ | ᠳ᠋ᠦᠩ ᠬᠤᠪᠢ ᠬᠥᠮᠦᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠬᠤᠪᠢ ᠬᠥᠮᠦᠨ ᠤ | ᠤᠷᠤᠯᠳᠤᠭᠠᠨ ᠤ ᠡᠮᠦᠨᠡᠬᠢ 3 ᠨᠡᠷᠡᠰ ᠲᠤ ︽ᠪᠥᠬᠦ ᠬᠤᠲᠠ ᠶᠢᠨ ᠮᠡᠷᠭᠡᠵᠢᠯ ᠤᠨ ᠴᠢᠳᠠᠪᠤᠷᠢᠲᠠᠨ︾ ᠤ ᠢᠷᠠᠭᠤ | ᠠᠯᠳᠠᠷ ᠤᠨ ᠴᠣᠯᠠ ᠣᠯᠭᠤᠪᠠ᠃ | ᠲᠣᠰ ᠤᠳᠠᠭᠠᠨ ᠤ ᠤᠷᠤᠯᠳᠤᠭᠠᠨ ᠨᠢ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ | ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠤᠷᠤᠯᠳᠤᠭᠠᠨ ᠢᠶᠠᠷ ᠬᠡᠷᠡᠭᠯᠡᠯᠲᠡ ᠶᠢ ᠠᠬᠢᠭᠤᠯᠬᠤ ᠰᠢᠨ᠎ᠡ ᠶᠢ | ᠡᠭᠦᠳᠬᠦ ᠵᠠᠭᠪᠤᠷ ᠢᠶᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠤᠷᠤᠯᠳᠤᠭᠠᠨ ᠤ ᠠᠮᠤᠷ ᠲᠦᠪᠰᠢᠨ ᠤ | ᠴᠢᠳᠠᠪᠤᠷᠢᠲᠠᠨ ᠢ ᠬᠥᠮᠦᠵᠢᠭᠦᠯᠬᠦ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ | ᠲᠠᠯ᠎ᠠ ᠪᠠᠷ ᠬᠢ ᠢᠳᠡᠪᠬᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠢᠭᠡ ᠪᠦᠯᠦᠭ ᠰᠦᠯᠵᠢᠶᠡᠨ ᠤ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢᠳᠠᠨ ᠢ ᠢᠯᠡᠷᠡᠭᠦᠯᠦᠨ ᠬᠥᠮᠦᠵᠢᠭᠦᠯᠵᠦ᠂ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠭᠤᠷᠢ ᠶᠢ | ᠪᠠᠬᠢᠵᠢᠭᠦᠯᠵᠦ᠂ ᠪᠥᠬᠦ ᠠᠷᠠᠳ ᠤᠨ ᠳ᠋ᠦᠵᠢᠲ᠋ᠠᠯ ᠤᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ | ᠠᠵᠢᠯᠯᠠᠭ᠎ᠠ ᠶᠢᠨ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠶ ᠦᠢᠯᠡᠳᠦᠯ | ᠦᠵᠡᠭᠦᠯᠪᠡ᠃ |